ᠮᠠᠨ᠎ᠤ ᠤᠯᠤᠰ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠵᠠᠷᠴᠢᠮ᠎ᠢ ᠨᠡᠢᠳᠡᠯᠡᠪᠡ
2019.06.27

 

     ᠱᠢᠨᠬᠤᠸᠠ ᠬᠣᠷᠢᠶᠠᠨ᠎ᠤ ᠪᠡᠭᠡᠵᠢᠩ᠎ᠦᠨ 6 ᠰᠠᠷ᠎ᠠ᠎ᠶᠢᠨ 17᠎ᠤ ᠴᠠᠬᠢᠯᠭᠠᠨ ᠮᠡᠳᠡᠭᠡ᠎ᠡᠴᠡ (ᠰᠤᠷᠪᠤᠯᠵᠢᠯᠠᠭᠴᠢ ᠬᠣ᠌ ᠵᠸ) 17᠎ᠤ ᠡᠳᠦᠷ᠂ ᠤᠯᠤᠰ᠎ᠤᠨ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠲᠤᠰᠭᠠᠢ ᠵᠥᠪᠯᠡᠯ 《ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠵᠠᠷᠴᠢᠮ —— ᠬᠠᠷᠢᠭᠤᠴᠠᠯᠭ᠎ᠠ᠎ᠲᠠᠢ ᠵᠣᠬᠢᠶᠠᠮᠠᠯ ᠣᠶᠤᠨ ᠴᠢᠳᠠᠪᠦᠷᠢ᠎ᠶᠢ ᠬᠥᠭᠵᠢᠭᠦᠯᠦᠨ᠎ᠡ》᠎ᠶᠢ ᠨᠡᠢᠳᠡᠯᠡᠵᠤ᠂ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠪᠣᠷᠤ ᠲᠥᠯᠦᠪ ᠪᠠ ᠠᠵᠢᠯᠯᠠᠭᠠᠨ᠎ᠤ ᠵᠦᠭᠯᠡᠭᠦᠷ᠎ᠢ ᠳᠤᠷᠠᠳᠪᠠ᠃

      ᠴᠢᠩᠬᠤᠸᠠ ᠶᠡᠬᠡ ᠰᠤᠷᠭᠠᠭᠤᠯᠢ᠎ᠶᠢᠨ ᠰᠣ᠌ ᠱᠢ ᠮᠢᠨ ᠪᠢᠴᠢᠭ᠎ᠤᠨ ᠬᠦᠷᠢᠶᠡᠯᠡᠩ᠎ᠦᠨ ᠵᠠᠬᠢᠷᠤᠯ᠂ ᠤᠯᠤᠰ᠎ᠤᠨ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠲᠤᠰᠭᠠᠢ ᠵᠥᠪᠯᠡᠯ᠎ᠦᠨ ᠡᠷᠬᠢᠯᠡᠭᠴᠢ ᠱᠢᠤᠸᠡᠢ ᠯᠠᠨ᠎ᠤ ᠲᠠᠨᠢᠯᠴᠠᠭᠤᠯᠬᠤ᠎ᠪᠠᠷ᠂ ᠵᠠᠰᠠᠯᠲᠠ᠎ᠶᠢᠨ ᠵᠠᠷᠴᠢᠮ᠎ᠢ ᠨᠡᠢᠳᠡᠯᠡᠭᠰᠡᠨ᠎ᠤ ᠵᠣᠷᠢᠯᠭ᠎ᠠ᠎ᠨᠢ ᠵᠣᠬᠢᠶᠠᠮᠠᠯ ᠣᠶᠤᠨ ᠴᠢᠳᠠᠪᠦᠷᠢ᠎ᠶᠢᠨ ᠬᠥᠭᠵᠢᠯᠲᠡ ᠪᠣᠯᠤᠨ ᠵᠠᠰᠠᠯᠲᠠ᠎ᠶᠢᠨ ᠬᠠᠷᠢᠴᠠᠭ᠎ᠠ᠎ᠶᠢ ᠨᠡᠩ ᠰᠠᠢᠨ ᠵᠣᠬᠢᠴᠠᠭᠤᠯᠵᠤ᠂ ᠵᠣᠬᠢᠶᠠᠮᠠᠯ ᠣᠶᠤᠨ ᠴᠢᠳᠠᠪᠦᠷᠢ᠎ᠶᠢᠨ ᠠᠮᠤᠷ ᠲᠦᠪᠱᠢᠨ ᠡᠵᠡᠮᠳᠡᠵᠦ ᠪᠣᠯᠬᠤ ᠨᠠᠢᠳᠠᠪᠦᠷᠢᠲᠠᠢ ᠪᠠᠢᠬᠤ᠎ᠶᠢ ᠦᠨᠡᠨ᠎ᠬᠦ ᠪᠠᠲᠤᠯᠠᠵᠤ᠂ ᠠᠵᠤ ᠠᠬᠤᠢ᠂ ᠨᠡᠢᠭᠡᠮ ᠵᠢᠴᠢ ᠠᠮᠢ ᠠᠬᠤᠢ᠎ᠶᠢᠨ ᠦᠷᠬᠦᠯᠵᠢᠯᠡᠬᠦ ᠬᠥᠭᠵᠢᠯᠲᠡ᠎ᠶᠢ ᠠᠬᠢᠭᠤᠯᠵᠤ᠂ ᠬᠥᠮᠦᠨ ᠲᠥᠷᠦᠯᠭᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠢᠭᠤᠯᠬᠤ᠎ᠶᠢᠨ ᠲᠥᠯᠦᠭᠡ᠎ᠶᠤᠮ᠃ ᠵᠠᠰᠠᠯᠲᠠ᠎ᠶᠢᠨ ᠵᠠᠷᠴᠢᠮ᠎ᠳᠤ ᠬᠠᠷᠢᠭᠤᠴᠠᠯᠭ᠎ᠠ᠎ᠲᠠᠢ ᠵᠣᠬᠢᠶᠠᠮᠠᠯ ᠣᠶᠤᠨ ᠴᠢᠳᠠᠪᠦᠷᠢ᠎ᠶᠢ ᠬᠥᠭᠵᠢᠭᠦᠯᠦᠨ᠎ᠡ ᠭᠡᠬᠦ ᠭᠣᠤᠯ ᠰᠡᠳᠦᠪ᠎ᠢ ᠳᠣᠪᠤᠢᠯᠭᠠᠵᠤ᠂ ᠡᠶ᠎ᠡ ᠵᠣᠬᠢᠴᠠᠩᠭᠤᠢ ᠨᠥᠬᠦᠷᠰᠡᠭ᠂ ᠡᠷᠬᠡ ᠲᠡᠭᠱᠢ ᠲᠥᠪ ᠭᠣᠤᠯᠴᠢ᠂ ᠪᠠᠭᠲᠠᠭᠠᠮᠵᠢᠲᠠᠢ ᠬᠠᠮᠲᠤ᠎ᠪᠠᠷ ᠡᠳ᠋ᠯᠡᠬᠦ᠂ ᠬᠤᠪᠢ᠎ᠶᠢᠨ ᠨᠢᠭᠤᠴᠠ᠎ᠶᠢ ᠬᠦᠨᠳᠦᠳᠭᠡᠬᠦ᠂ ᠠᠮᠤᠷ ᠲᠦᠪᠱᠢᠨ ᠡᠵᠡᠮᠳᠡᠵᠦ ᠪᠣᠯᠬᠤ᠂ ᠬᠠᠷᠢᠴᠠᠭᠤᠯᠭ᠎ᠠ᠎ᠶᠢ ᠬᠠᠮᠲᠤ᠎ᠪᠠᠷ ᠡᠭᠦᠷᠭᠡᠯᠡᠬᠦ᠂ ᠨᠡᠭᠡᠭᠡᠯᠲᠡᠲᠦ ᠬᠠᠮᠵᠢᠯᠴᠠᠭ᠎ᠠ ᠬᠢᠬᠦ᠂ ᠱᠠᠯᠠᠮᠠᠭᠠᠢ ᠵᠠᠰᠠᠯᠲᠠ ᠵᠡᠷᠭᠡ ᠨᠠᠢ᠍ᠮᠠᠨ ᠵᠦᠢᠯ᠎ᠦᠨ ᠵᠠᠷᠴᠢᠮ᠎ᠢ ᠴᠢᠬᠤᠯᠠᠴᠢᠯᠠᠪᠠ᠃

     ᠣᠢᠷ᠎ᠠ᠎ᠶᠢᠨ ᠵᠢᠯ᠎ᠳᠤ᠂ ᠵᠣᠬᠢᠶᠠᠮᠠᠯ ᠣᠶᠤᠨ ᠴᠢᠳᠠᠪᠦᠷᠢ ᠦᠳᠲᠡᠷ ᠲᠦᠷᠭᠡᠨ ᠬᠥᠭᠵᠢᠵᠦ᠂ ᠶᠠᠭ ᠬᠥᠮᠦᠨ ᠲᠥᠷᠦᠯᠭᠢᠲᠡᠨ᠎ᠤ ᠨᠡᠢᠭᠡᠮ ᠠᠮᠢᠳᠤᠷᠠᠯ᠎ᠢ ᠭᠦᠨᠵᠡᠭᠡᠢ ᠥᠭᠡᠷᠡᠴᠢᠯᠡᠵᠦ᠂ ᠳᠡᠯᠡᠬᠡᠢ ᠳ᠋ᠠᠬᠢᠨ᠎ᠢ ᠦᠭᠡᠷᠡᠴᠢᠯᠡᠵᠤ ᠪᠠᠢᠨ᠎ᠠ᠃ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠡᠷᠡᠭᠦᠯ ᠬᠥᠭᠵᠢᠯᠲᠡ᠎ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠦᠷᠢ᠎ᠶᠢᠨ ᠬᠠᠤᠯᠢ ᠴᠠᠭᠠᠵᠠ᠂ ᠶᠣᠰᠤ ᠰᠤᠷᠲᠠᠬᠤᠨ᠂ ᠨᠡᠢᠭᠡᠮ᠎ᠦᠨ ᠠᠰᠠᠭᠤᠳᠠᠯ᠎ᠤᠨ ᠲᠤᠬᠠᠢ ᠰᠤᠳᠤᠯᠭᠠᠨ᠎ᠢ ᠴᠢᠩᠭᠠᠳᠭᠠᠵᠤ᠂ ᠵᠣᠬᠢᠶᠠᠮᠠᠯ ᠣᠶᠤᠨ ᠴᠢᠳᠠᠪᠦᠷᠢ᠎ᠶᠢᠨ ᠪᠦᠬᠦ ᠪᠥᠮᠪᠦᠷᠴᠡᠭ᠎ᠦᠨ ᠵᠠᠰᠠᠯᠲᠠ᠎ᠶᠢ ᠢᠳᠡᠪᠬᠢᠲᠡᠢ ᠠᠬᠢᠭᠤᠯᠬᠤ᠎ᠶᠢᠨ ᠲᠥᠯᠦᠭᠡ᠂ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠠᠬᠢᠭᠤᠯᠬᠤ ᠠᠯᠪᠠᠨ ᠭᠡᠷ᠎ᠡᠴᠡ ᠤᠯᠤᠰ᠎ᠤᠨ ᠱᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠦᠷᠢ᠎ᠶᠢᠨ ᠵᠠᠰᠠᠯᠲᠠ᠎ᠶᠢᠨ ᠲᠤᠰᠭᠠᠢ ᠵᠥᠪᠯᠡᠯ᠎ᠢ ᠪᠠᠢᠭᠤᠯᠵᠠᠢ᠂ ᠵᠠᠰᠠᠯᠲᠠ᠎ᠶᠢᠨ ᠵᠠᠷᠴᠢᠮ᠎ᠢ ᠲᠤᠭᠤᠷᠪᠢᠨ ᠪᠢᠴᠢᠬᠦ ᠪᠤᠯ ᠲᠤᠰ ᠵᠥᠪᠯᠡᠯ᠎ᠦᠨ ᠡᠨᠡ ᠵᠢᠯ᠎ᠦᠨ ᠭᠣᠤᠯᠳᠠᠯᠭ᠎ᠠ᠎ᠲᠠᠢ ᠠᠵᠢᠯ ᠪᠣᠯᠤᠨ᠎ᠠ᠃

 

                                                ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                                                ᠰᠤᠷᠪᠤᠯᠵᠢᠯᠠᠭᠴᠢ᠄ ᠬᠣ᠌ ᠵᠸ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604