ᠣᠢᠷ᠎ᠠ᠎ᠳᠤ᠂ ᠦᠪᠡᠷᠳᠡᠭᠡᠨ ᠵᠠᠰᠠᠬᠤ ᠣᠷᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠲᠥᠪ᠎ᠦᠨ ᠨᠠᠢ᠍ᠮᠠᠨ ᠳᠤᠭᠳᠠᠭᠠᠯ᠎ᠤᠨ ᠵᠣᠷᠢᠭ ᠰᠠᠨᠠᠭ᠎ᠠ᠎ᠡᠴᠡ ᠵᠥᠷᠢᠴᠡᠭᠰᠡᠨ 6 ᠨᠡᠢᠳᠡᠯᠢᠭ ᠠᠰᠠᠭᠤᠳᠠᠯ᠎ᠢ ᠢᠯᠡ ᠨᠡᠢᠳᠡᠯᠠᠪᠠ᠃
ᠱᠢᠯᠢ᠎ᠶᠢᠨ ᠭᠣᠤᠯ ᠠᠢᠮᠠᠭ᠎ᠤᠨ ᠪᠠᠷᠠᠭᠤᠨ ᠦᠵᠦᠮᠦᠴᠢᠨ ᠬᠣᠱᠢᠭᠤᠨ᠎ᠤ ᠨᠠᠮ᠎ᠤᠨ ᠬᠣᠷᠢᠶᠠᠨ᠎ᠤ ᠤᠤᠯ᠎ᠤᠨ ᠪᠠᠢᠩᠭᠤ᠎ᠶᠢᠨ ᠬᠡᠱᠢᠬᠦᠨ᠂ ᠪᠠᠢᠩᠭᠤ᠎ᠶᠢᠨ ᠳᠡᠳ᠋ ᠬᠣᠱᠢᠭᠤᠨ ᠳᠠᠷᠤᠭ᠎ᠠ ᠭᠤᠤ ᠱᠢᠶᠤᠤ ᠪᠦᠸᠸ᠎ᠶᠢᠨ ᠳᠤᠭᠳᠠᠭᠠᠯ᠎ᠡᠴᠡ ᠵᠥᠷᠢᠴᠡᠨ ᠪᠡᠯᠡᠭ ᠰᠡᠯᠳᠠ ᠠᠪᠤᠭᠰᠠᠨ ᠠᠰᠠᠭᠤᠳᠠᠯ᠃ 2018 ᠣᠨ᠂ 2019 ᠣᠨ᠎ᠳᠤ ᠭᠤᠤ ᠱᠢᠶᠤᠤ ᠪᠦᠸᠸ ᠪᠠᠷᠠᠭᠤᠨ ᠦᠵᠦᠮᠦᠴᠢᠨ ᠬᠣᠱᠢᠭᠤᠨ᠎ᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠳᠠ᠎ᠶᠢᠨ ᠠᠵᠢᠯ᠎ᠢ ᠬᠤᠪᠢᠳᠠᠨ ᠬᠠᠮᠢᠶᠠᠷᠴᠦ ᠪᠠᠢᠭᠰᠠᠨ ᠬᠤᠭᠤᠴᠠᠭᠠᠨ᠎ᠳᠤ᠎ᠪᠠᠨ᠂ ᠲᠤᠱᠢᠶᠠᠯ᠎ᠤᠨ᠎ᠢᠶᠠᠨ ᠲᠥᠬᠦᠮ᠎ᠢᠶᠡᠨ ᠠᠱᠢᠭᠯᠠᠨ᠂ ᠤᠷᠢᠳ ᠬᠣᠵᠢᠳ ᠪᠠᠷᠠᠭᠤᠨ ᠦᠵᠦᠮᠦᠴᠢᠨ ᠬᠣᠱᠢᠭᠤᠨ᠎ᠤ ᠶᠢᠨ ᠮᠠᠨ ᠠᠭᠤᠷᠬᠠᠢ᠎ᠶᠢᠨ ᠦᠢᠯᠠᠰ᠎ᠤᠨ ᠬᠢᠵᠠᠭᠠᠷᠲᠦ ᠬᠠᠷᠢᠭᠤᠴᠠᠯᠭᠠᠲᠦ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠯᠢᠤ ᠤᠪᠤᠭᠲᠦ᠎ᠶᠢᠨ ᠬᠦᠷᠭᠡᠭᠰᠡᠨ 41900 ᠲᠥᠭᠦᠷᠢᠭ᠎ᠦᠨ ᠦᠷᠳᠡᠭ᠎ᠲᠠᠢ ᠬᠤᠸᠠᠩ ᠡᠾᠸ ᠯᠸᠦ᠂ ᠨᠠᠨᠵᠢᠩ᠂ ᠵᠦᠩᠬᠤᠸᠠ ᠵᠡᠷᠭᠡ ᠨᠡᠷᠡᠲᠦ ᠲᠡᠮᠳᠡᠭᠲᠦ ᠲᠠᠮᠠᠬᠢ᠎ᠶᠢ ᠨᠡᠢᠳᠠ 40 ᠬᠠᠢᠷᠴᠠᠭ᠂ 12000 ᠲᠥᠭᠦᠷᠢᠭ᠎ᠦᠨ ᠦᠷᠳᠡᠭ᠎ᠲᠠᠢ ᠮᠣᠤ᠎ᠲᠠᠢ ᠠᠷᠢᠬᠢ᠎ᠶᠢ 1 ᠬᠠᠢᠷᠴᠠᠭ᠂ ᠪᠠᠷᠠᠭᠤᠨ ᠦᠵᠦᠮᠦᠴᠢᠨ ᠬᠣᠱᠢᠭᠤᠨ᠎ᠤ ᠪᠣᠷᠤᠬᠤᠱᠢᠭᠤ ᠨᠡᠭᠦᠷᠡᠰᠦᠨ᠎ᠦ ᠺᠣᠮᠫᠠᠨᠢ᠎ᠶᠢᠨ ᠶᠠᠷᠦᠩᠬᠡᠢ ᠳᠠᠭᠠᠭᠠᠮᠠᠯ ᠴᠸᠨ ᠤᠪᠤᠭᠲᠦ᠎ᠶᠢᠨ ᠬᠦᠷᠭᠡᠭᠰᠡᠨ 24000 ᠲᠥᠭᠦᠷᠢᠭ᠎ᠦᠨ ᠥᠷᠳᠡᠭ᠎ᠲᠠᠢ ᠮᠣᠤ᠎ᠲᠠᠢ ᠠᠷᠢᠬᠢ᠎ᠶᠢ 2 ᠬᠠᠢᠷᠴᠠᠭ ᠬᠦᠯᠢᠶᠡᠨ ᠠᠪᠴᠠᠢ᠂ ᠲᠡᠭᠦᠨ᠎ᠳᠦ ᠪᠠᠰᠠ ᠬᠠᠤᠯᠢ ᠰᠠᠬᠢᠯᠭ᠎ᠠ᠎ᠡᠴᠡ ᠵᠥᠷᠢᠴᠡᠭᠰᠡᠨ ᠪᠤᠰᠤᠳ ᠠᠰᠠᠭᠤᠳᠠᠯ ᠣᠷᠤᠱᠢᠵᠤ ᠪᠠᠢᠨ᠎ᠠ᠃ 2019 ᠣᠨ᠎ᠤ 5 ᠰᠠᠷ᠎ᠠ᠎ᠶᠢᠨ 13᠎ᠦ ᠡᠳᠦᠷ᠂ ᠱᠢᠯᠢ᠎ᠶᠢᠨ ᠭᠣᠤᠯ ᠠᠢᠮᠠᠭ᠎ᠤᠨ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠭᠤᠤ ᠱᠢᠶᠤᠤ ᠪᠦᠸᠸ᠎ᠳᠤ ᠨᠠᠮ᠎ᠡᠴᠡ ᠬᠥᠭᠡᠭᠡᠬᠦ᠂ ᠠᠯᠪᠠᠨ ᠲᠤᠱᠢᠶᠠᠯ᠎ᠡᠴᠡ᠎ᠨᠢ ᠬᠥᠭᠡᠭᠡᠬᠦ ᠱᠢᠢᠳᠭᠡᠯ ᠥᠭᠭᠦᠭᠰᠡᠨ ᠪᠥᠭᠡᠳ ᠲᠡᠭᠦᠨ᠎ᠦ ᠰᠠᠬᠢᠯᠭ᠎ᠠ ᠪᠠᠲᠦ᠎ᠡᠴᠡ ᠵᠦᠷᠢᠴᠠᠵᠤ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠴᠦ᠂ ᠶᠠᠯ᠎ᠠ ᠬᠢᠭᠰᠡᠨ᠎ᠢᠶᠡᠷ ᠰᠡᠵᠢᠭᠯᠡᠭᠳᠡᠭᠰᠡᠨ ᠠᠰᠠᠭᠤᠳᠠᠯ᠎ᠢ᠎ᠨᠢ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠱᠢᠯᠵᠢᠭᠦᠯᠦᠨ ᠬᠠᠤᠯᠢ ᠶᠣᠰᠤᠭᠠᠷ ᠱᠢᠢᠳᠪᠦᠷᠢᠯᠡᠬᠦᠯᠪᠠ᠃
ᠦᠬᠠᠢ ᠬᠤᠳᠠ᠎ᠶᠢᠨ ᠬᠠᠢᠨᠠᠨ ᠳᠤᠭᠤᠷᠢᠭ᠎ᠤᠨ ᠤᠯᠤᠰ ᠲᠥᠷᠦ᠎ᠶᠢᠨ ᠵᠥᠪᠯᠡᠯᠭᠡᠨ᠎ᠦ ᠲᠡᠷᠢᠭᠦᠯᠡᠭᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠤᠤ ᠸᠸᠢ ᠡᠾᠸᠦ᠎ᠶᠢᠨ ᠳᠤᠭᠳᠠᠭᠠᠯ᠎ᠡᠴᠡ ᠵᠥᠷᠢᠴᠡᠨ ᠠᠵᠤ ᠠᠬᠤᠢᠯᠠᠯ᠎ᠤᠨ ᠡᠵᠡᠨᠳᠡᠨᠦ ᠳᠤᠬᠢᠷᠠᠭᠤᠯᠤᠭᠰᠠᠨ ᠵᠢᠭᠤᠯᠴᠢᠯᠠᠯ᠎ᠤᠨ ᠵᠣᠴᠢᠯᠠᠭ᠎ᠠ ᠪᠠ ᠦᠢᠯᠡᠴᠢᠯᠡᠭᠡ᠎ᠶᠢ ᠬᠦᠯᠢᠶᠡᠨ ᠠᠪᠤᠭᠰᠠᠨ ᠠᠰᠠᠭᠤᠳᠠᠯ᠃ 2017 ᠣᠨ᠎ᠤ 11 ᠰᠠᠷ᠎ᠠ᠎ᠶᠢᠨ 9᠎ᠤ ᠡᠳᠦᠷ᠎ᠡᠴᠡ 20᠎ᠤ ᠡᠳᠦᠷ ᠪᠤᠯᠳᠠᠯ᠎ᠠ᠂ ᠵᠤᠤ ᠸᠸᠢ ᠡᠾᠸᠦ ᠠᠮᠠᠷᠠᠯᠳᠠ᠎ᠶᠢᠨ ᠬᠤᠭᠤᠴᠠᠭᠠᠨ᠎ᠳᠤ᠂ ᠤᠷᠢᠳ ᠬᠣᠵᠢᠳ ᠬᠠᠢᠺᠸᠦ ᠬᠤᠳᠠ᠂ ᠰᠠᠨᠶᠠ ᠬᠤᠳᠠ᠂ ᠭᠦᠢᠯᠢᠨ ᠬᠤᠳᠠ᠂ ᠬᠠᠩᠵᠸᠦ ᠬᠤᠳᠠ᠂ ᠦᠵᠸᠨ ᠪᠠᠯᠭᠠᠰᠦ᠂ ᠱᠠᠩᠬᠠᠢ ᠬᠤᠳᠠᠠ᠎ᠳᠤ ᠬᠦᠷᠴᠦ ᠵᠢᠭᠤᠯᠴᠢᠯᠠᠪᠠ᠂ ᠵᠢᠭᠤᠯᠴᠢᠯᠠᠯ᠎ᠤᠨ ᠬᠤᠭᠤᠴᠠᠭᠠᠨ᠎ᠳᠤ ᠠᠵᠤ ᠠᠬᠤᠢᠯᠠᠯ᠎ᠤᠨ ᠡᠵᠡᠨᠳᠡᠨᠦ ᠳᠤᠬᠢᠷᠠᠭᠤᠯᠤᠭᠰᠠᠨ ᠵᠢᠭᠤᠯᠴᠢᠯᠠᠯ᠎ᠤᠨ ᠵᠣᠴᠢᠯᠠᠭ᠎ᠠ ᠪᠠ ᠦᠢᠯᠡᠴᠢᠯᠡᠭᠡ᠎ᠶᠢ ᠬᠦᠯᠢᠶᠡᠨ ᠠᠪᠤᠭᠰᠠᠨ ᠪᠥᠭᠡᠳ ᠠᠵᠤ ᠠᠬᠤᠢᠯᠠᠯ᠎ᠡᠴᠡ 3000 ᠲᠥᠭᠦᠷᠢᠭ᠎ᠦᠨ ᠬᠣᠨᠤᠭ᠎ᠤᠨ ᠵᠠᠷᠤᠳᠠᠯ (ᠨᠢᠭᠡᠨᠳᠠ ᠪᠤᠴᠠᠭᠠᠪᠠ) ᠢ᠎ᠨᠢ ᠳᠤᠱ᠎ᠢᠶᠠᠨ ᠦᠭᠴᠠᠢ᠃ 2019 ᠣᠨ᠎ᠤ 4 ᠰᠠᠷ᠎ᠠ᠎ᠶᠢᠨ 11᠎ᠤ ᠡᠳᠦᠷ᠂ ᠦᠬᠠᠢ ᠬᠤᠳᠠ᠎ᠶᠢᠨ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠵᠤᠤ ᠸᠸᠢ ᠡᠾᠸᠦ᠎ᠳᠦ ᠨᠠᠮ᠎ᠤᠨ ᠳᠤᠳᠤᠭᠠᠳᠦ᠎ᠳᠦ ᠳᠣᠩᠭᠤᠳᠭᠤ ᠱᠢᠢᠳᠭᠡᠯ ᠥᠭᠪᠠ᠃
ᠬᠥᠯᠦᠨ ᠪᠤᠢᠷ ᠬᠤᠳᠠ᠎ᠶᠢᠨ ᠱᠢᠨ᠎ᠡ ᠪᠠᠷᠭᠤ ᠵᠡᠭᠦᠨ ᠬᠣᠱᠢᠭᠤᠨ᠎ᠤ ᠤᠯᠤᠰ᠎ᠤᠨ ᠭᠠᠵᠠᠷ ᠱᠢᠷᠤᠢ ᠡᠬᠢ ᠪᠠᠶᠠᠯᠢᠭ᠎ᠤᠨ ᠳᠤᠪᠴᠢᠶᠠᠨ᠎ᠤ ᠳᠠᠷᠤᠭ᠎ᠠ ᠬᠠᠨ ᠤᠷᠳᠦ᠎ᠶᠢᠨ ᠪᠣᠯᠪᠠᠰᠤᠷᠠᠯ᠎ᠳᠤ ᠤᠷᠤᠯᠴᠠᠬᠤ ᠵᠠᠪᠱᠢᠶᠠᠨ᠎ᠢᠶᠠᠷ ᠠᠯᠪᠠᠨ ᠵᠣᠭᠤᠰ᠎ᠢᠶᠠᠷ ᠵᠢᠭᠤᠯᠴᠢᠯᠠᠭᠰᠠᠨ ᠪᠥᠭᠡᠳ ᠳᠤᠭᠳᠠᠭᠠᠯ᠎ᠡᠴᠡ ᠵᠥᠷᠢᠴᠡᠨ ᠵᠠᠮ᠎ᠤᠨ ᠵᠠᠷᠤᠳᠠᠯ᠎ᠢᠶᠠᠨ ᠳᠠᠩᠰᠠᠠ᠎ᠡᠴᠡ ᠲᠠᠢᠯᠤᠭᠰᠠᠨ ᠵᠡᠷᠭᠡ ᠠᠰᠠᠭᠤᠳᠠᠯ᠃ 2016 ᠣᠨ᠎ᠤ 11 ᠰᠠᠷ᠎ᠠ᠎ᠳᠤ᠂ ᠬᠥᠯᠦᠨ ᠪᠤᠢᠷ ᠬᠤᠳᠠ᠎ᠶᠢᠨ ᠤᠯᠤᠰ᠎ᠤᠨ ᠭᠠᠵᠠᠷ ᠱᠢᠷᠤᠢ ᠡᠬᠢ ᠪᠠᠶᠠᠯᠢᠭ᠎ᠤᠨ ᠳᠤᠪᠴᠢᠶ᠎ᠠ ᠬᠠᠨ ᠤᠷᠳᠦ᠎ᠶᠢ ᠬᠠᠢᠺᠸᠦ ᠬᠤᠳᠠᠠ᠎ᠳᠤ ᠡᠷᠬᠢᠯᠡᠭᠰᠡᠨ ᠳᠤᠬᠠᠢᠯᠠᠭᠰᠠᠨ ᠠᠵᠢᠯ᠎ᠤᠨ ᠪᠣᠯᠪᠠᠰᠤᠷᠠᠯ᠎ᠳᠤ ᠣᠷᠤᠯᠴᠠᠭᠤᠯᠪᠠ᠂ ᠪᠣᠯᠪᠠᠰᠤᠷᠠᠯ᠎ᠤᠨ ᠴᠠᠭ᠎ᠨᠢ 2016 ᠣᠨ᠎ᠤ 11 ᠰᠠᠷ᠎ᠠ᠎ᠶᠢᠨ 18᠎ᠤ ᠡᠳᠦᠷ᠎ᠡᠴᠡ 20᠎ᠤ ᠡᠳᠦᠷ ᠪᠤᠯᠳᠠᠯ᠎ᠠ᠃ ᠬᠠᠨ ᠤᠷᠳᠦ 11 ᠰᠠᠷ᠎ᠠ᠎ᠶᠢᠨ 11᠎ᠤ ᠡᠳᠦᠷ ᠨᠢᠰᠭᠡᠯ᠎ᠢᠶᠡᠷ ᠬᠠᠢᠯᠠᠷ᠎ᠡᠴᠡ ᠪᠡᠭᠡᠵᠢᠩ᠎ᠳᠦ ᠬᠦᠷᠴᠦ᠂ 12᠎ᠤᠨ ᠡᠳᠦᠷ ᠨᠢᠰᠭᠡᠯ᠎ᠢᠶᠡᠷ ᠪᠡᠭᠡᠵᠢᠩ᠎ᠡᠴᠡ ᠰᠠᠨᠶᠠ᠎ᠳᠤ ᠬᠦᠷᠴᠦ ᠪᠠᠭᠤᠳᠠᠯ᠎ᠳᠤ ᠰᠠᠭᠤᠪᠠ᠂ ᠰᠠᠨᠶᠠ᠎ᠳᠤ ᠵᠢᠭᠤᠯᠴᠢᠯᠠᠨ ᠨᠠᠭᠠᠳᠤᠭᠰᠠᠨᠤ ᠳᠠᠷᠠᠭ᠎ᠠ᠂ 18᠎ᠤ ᠡᠳᠦᠷ ᠰᠠᠶᠢ ᠬᠠᠢᠺᠸᠦ᠎ᠳᠦ ᠬᠦᠷᠴᠦ ᠪᠣᠯᠪᠠᠰᠤᠷᠠᠯ᠎ᠳᠤ ᠣᠷᠤᠯᠴᠠᠵᠤ᠂ 21᠎ᠤ ᠡᠳᠦᠷ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠪᠤᠴᠠᠵᠠᠢ᠃ ᠳᠠᠷᠠᠭ᠎ᠠ᠎ᠨᠢ 11 ᠰᠠᠷ᠎ᠠ᠎ᠶᠢᠨ 11᠎ᠤ ᠡᠳᠦᠷ᠎ᠡᠴᠡ 17᠎ᠤ ᠡᠳᠦᠷ ᠪᠤᠯᠳᠠᠯᠠᠬᠢ ᠳᠣᠯᠤᠭᠠᠨ ᠡᠳᠦᠷ᠎ᠦᠨ 1260 ᠲᠥᠭᠦᠷᠢᠭ᠎ᠦᠨ ᠵᠠᠮ᠎ᠤᠨ ᠵᠠᠷᠤᠳᠠᠯ᠎ᠤᠨ ᠨᠥᠬᠦᠪᠦᠷᠢ᠂ ᠰᠠᠨᠶᠠ᠎ᠶᠢᠨ ᠬᠣᠨᠤᠭ᠎ᠤᠨ ᠵᠠᠷᠤᠳᠠᠯ 2171 ᠲᠥᠭᠦᠷᠢᠭ᠎ᠢᠶᠡᠨ ᠤᠯᠤᠰ᠎ᠤᠨ ᠭᠠᠵᠠᠷ ᠱᠢᠷᠤᠢ ᠡᠬᠢ ᠪᠠᠶᠠᠯᠢᠭ᠎ᠤᠨ ᠳᠤᠪᠴᠢᠶᠠᠨ᠎ᠳᠤ ᠳᠠᠩᠰᠠᠠ᠎ᠡᠴᠡ ᠲᠠᠢᠯᠤᠭᠤᠯᠵᠤ᠂ ᠨᠡᠢᠳᠠ 3449 ᠲᠥᠭᠦᠷᠢᠭ (ᠨᠢᠬᠡᠨᠳᠠ ᠪᠤᠴᠠᠭᠠᠪᠠ)᠎ᠢ ᠳᠤᠭᠳᠠᠭᠠᠯ᠎ᠡᠴᠡ ᠵᠥᠷᠢᠴᠡᠨ ᠳᠠᠩᠰᠠᠠ᠎ᠡᠴᠡ ᠲᠠᠢᠯᠤᠭᠤᠯᠪᠠ᠃ 2019 ᠣᠨ᠎ᠤ 5 ᠰᠠᠷ᠎ᠠ᠎ᠶᠢᠨ 20᠎ᠤ ᠡᠳᠦᠷ᠂ ᠱᠢᠨ᠎ᠡ ᠪᠠᠷᠭᠤ ᠵᠡᠭᠦᠨ ᠬᠣᠱᠢᠭᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠠᠨ ᠤᠷᠲᠦ᠎ᠳᠦ ᠨᠠᠮ᠎ᠤᠨ ᠳᠤᠳᠤᠭᠠᠳᠦ᠎ᠳᠦ ᠳᠣᠩᠭᠤᠳᠭᠤ ᠱᠢᠢᠳᠭᠡᠯ ᠥᠭᠪᠠ᠃
ᠪᠠᠶᠠᠨᠨᠠᠭᠤᠷ ᠬᠤᠳᠠ᠎ᠶᠢᠨ ᠤᠷᠠᠳ᠎ᠤᠨ ᠡᠮᠦᠨᠡᠲᠦ ᠬᠣᠱᠢᠭᠤᠨ᠎ᠤ ᠰᠣᠶᠤᠯ ᠪᠠᠶ᠎ᠡ᠎ᠶᠢᠨ ᠲᠠᠮᠢᠷ ᠷᠠᠳᠢᠤ ᠲᠸᠯᠸᠢᠰ᠎ᠤᠨ ᠳᠤᠪᠴᠢᠶᠠᠨ᠎ᠤ ᠤᠤᠯ᠎ᠤᠨ ᠳᠠᠷᠤᠭ᠎ᠠ᠂ ᠷᠢᠳᠢᠣ᠋ ᠲᠸᠯᠸᠢᠰ᠎ᠤᠨ ᠲᠥᠪ᠎ᠦᠨ ᠤᠤᠯ᠎ᠤᠨ ᠡᠷᠬᠢᠯᠡᠭᠴᠢ ᠴᠣᠯᠮᠤᠨᠤ ᠳᠤᠭᠳᠠᠭᠠᠯ᠎ᠡᠴᠡ ᠵᠥᠷᠢᠴᠡᠨ ᠨᠡᠮᠡᠭᠦᠷᠢ ᠨᠥᠬᠦᠪᠦᠷᠢ ᠣᠯᠭᠤᠭᠰᠠᠨ ᠠᠰᠠᠭᠤᠳᠠᠯ᠃ 2016 ᠣᠨ᠎ᠡᠴᠡ 2017 ᠣᠨ ᠪᠤᠯᠳᠠᠯ᠎ᠠ᠂ ᠤᠷᠠᠳ᠎ᠤᠨ ᠡᠮᠦᠨᠡᠲᠦ ᠬᠣᠱᠢᠭᠤᠨ᠎ᠤ ᠷᠠᠳᠢᠣ᠋ ᠳᠸᠯᠸᠢᠰ᠎ᠤᠨ ᠲᠥᠪ᠎ᠦᠨ ᠬᠢᠨ ᠳᠤᠭᠳᠠᠭᠠᠯ᠎ᠡᠴᠡ ᠵᠥᠷᠢᠴᠡᠨ ᠨᠡᠮᠡᠭᠦᠷᠢ ᠨᠥᠬᠦᠪᠦᠷᠢ ᠨᠡᠢᠳᠠ 76050 ᠲᠥᠭᠦᠷᠢᠭ ᠲᠠᠷᠬᠠᠭᠠᠪᠠ᠃ ᠴᠣᠯᠮᠤᠨ ᠳᠤᠬᠠᠢ᠎ᠶᠢᠨ ᠦᠶ᠎ᠠ᠎ᠳᠤ ᠤᠷᠠᠳ᠎ᠤᠨ ᠡᠮᠦᠨᠡᠲᠦ ᠬᠣᠱᠢᠭᠤᠨ᠎ᠤ ᠰᠣᠶᠤᠯ ᠪᠠᠶ᠎ᠡ᠎ᠶᠢᠨ ᠲᠠᠮᠢᠷ ᠷᠠᠳᠢᠣ᠋ ᠲᠸᠯᠸᠢᠰ᠎ᠤᠨ ᠳᠤᠪᠴᠢᠶᠠᠨ ᠳᠠᠷᠤᠭ᠎ᠠ᠂ ᠷᠠᠳᠢᠣ᠋ ᠲᠸᠯᠸᠢᠰ᠎ᠤᠨ ᠲᠥᠪ᠎ᠦᠨ ᠡᠷᠬᠢᠯᠡᠭᠴᠢ ᠪᠠᠢᠭᠰᠠᠨ ᠪᠣᠯᠬᠤᠷ᠂ ᠭᠣᠤᠯ ᠤᠳᠤᠷᠢᠳᠤᠯᠭ᠎ᠠ᠎ᠶᠢᠨ ᠬᠠᠷᠢᠭᠤᠴᠠᠯᠭ᠎ᠠ᠎ᠶᠢ ᠡᠬᠦᠷᠭᠡᠯᠡᠨ᠎ᠠ᠃ 2019 ᠣᠨ᠎ᠤ 5 ᠰᠠᠷ᠎ᠠ᠎ᠶᠢᠨ 14᠎ᠤ ᠡᠳᠦᠷ᠂ ᠤᠷᠠᠳ᠎ᠤᠨ ᠡᠮᠦᠨᠡᠲᠦ ᠬᠣᠱᠢᠭᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠴᠣᠯᠮᠤᠨ᠎ᠳᠤ ᠨᠠᠮ᠎ᠤᠨ ᠳᠤᠳᠤᠭᠠᠳᠦ᠎ᠳᠦ ᠳᠣᠩᠭᠤᠳᠭᠤ ᠱᠢᠢᠳᠭᠡᠯ ᠥᠭᠪᠠ᠃
ᠣᠷᠳᠤᠰ ᠬᠤᠳᠠ᠎ᠶᠢᠨ ᠡᠵᠡᠨ ᠬᠣᠷᠤᠭ᠎ᠠ ᠬᠣᠱᠢᠭᠤᠨ᠎ᠤ ᠣᠷᠴᠢᠨ ᠲᠣᠭᠤᠷᠢᠨ᠎ᠤ ᠬᠠᠮᠠᠭᠠᠯᠠᠯᠳᠠ᠎ᠶᠢᠨ ᠲᠣᠪᠴᠢᠶᠠᠨ᠎ᠤ ᠳᠡᠳ᠋ ᠳᠠᠷᠤᠭ᠎ᠠ ᠯᠢᠤ ᠵᠢᠢ ᠳ᠋ᠦᠩ᠎ᠦᠨ ᠭᠠᠳᠠᠭᠱᠢ ᠭᠠᠷᠴᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠎ᠪᠠᠨ ᠳᠤᠭᠳᠠᠭᠠᠯ᠎ᠡᠴᠡ ᠵᠥᠷᠢᠴᠡᠨ ᠠᠵᠤ ᠠᠬᠤᠢᠯᠠᠯ᠎ᠤᠨ ᠳᠠᠢᠯᠠᠯᠭ᠎ᠠ᠎ᠶᠢ ᠬᠦᠯᠢᠶᠡᠭᠰᠡᠨ ᠠᠰᠠᠭᠤᠳᠠᠯ᠃ 2017 ᠣᠨ᠎ᠤ 11 ᠰᠠᠷ᠎ᠠ᠎ᠶᠢᠨ 21᠎ᠤ ᠡᠳᠦᠷ᠎ᠡᠴᠡ 26᠎ᠤ ᠡᠳᠦᠷ ᠪᠤᠯᠳᠠᠯ᠎ᠠ᠂ ᠯᠢᠤ ᠵᠢᠢ ᠳ᠋ᠦᠩ ᠨᠢᠭᠡ ᠠᠵᠢᠯᠳᠠᠨ᠎ᠢᠶᠠᠨ ᠳᠠᠭᠠᠭᠤᠯᠤᠨ ᠭᠠᠳᠠᠭᠱᠢ ᠭᠠᠷᠴᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠎ᠪᠠᠨ᠂ ᠪᠡᠭᠡᠵᠢᠩ᠂ ᠯᠢᠶᠤᠣᠨᠢᠩ᠂ ᠭᠢᠷᠢᠨ᠎ᠤ 3 ᠠᠵᠤ ᠠᠬᠤᠢᠯᠠᠯ᠎ᠤᠨ ᠬᠠᠩᠭᠠᠭᠰᠠᠨ ᠳᠠᠢᠯᠠᠯᠭ᠎ᠠ᠂ ᠬᠣᠨᠤᠭ ᠵᠢᠴᠢ ᠲᠡᠷᠭᠡ᠎ᠪᠠᠷ ᠳᠤᠰᠴᠦ ᠬᠦᠷᠭᠡᠬᠦ ᠦᠢᠯᠠᠴᠢᠯᠠᠭᠡᠶᠢ ᠬᠦᠯᠢᠶᠠᠵᠤ᠂ ᠨᠡᠢᠳᠠ 5700 ᠳᠦᠬᠦᠷᠢᠭ᠎ᠶᠢᠨ ᠵᠠᠷᠤᠳᠠᠯ ᠭᠠᠷᠭᠠᠵᠠᠢ᠃ ᠱᠢᠨᠵᠢᠯᠡᠨ ᠪᠠᠢᠴᠠᠭᠠᠵᠤ ᠳᠠᠭᠤᠰᠤᠭᠰᠠᠨ᠎ᠤ ᠳᠠᠷᠤᠭ᠎ᠠ᠂ ᠯᠢᠤ ᠵᠢᠢ ᠳ᠋ᠦᠩ ᠵᠡᠷᠭᠡ 2 ᠬᠥᠮᠦᠨ ᠪᠠᠢᠭᠤᠯᠭ᠎ᠠ᠎ᠳᠤ᠎ᠪᠠᠨ 9394 ᠲᠥᠭᠦᠷᠢᠭ᠎ᠦᠨ ᠬᠣᠨᠤᠭ᠎ᠤᠨ ᠵᠠᠷᠤᠳᠠᠯ᠂ ᠬᠣᠭᠤᠯᠠᠨ ᠵᠠᠷᠤᠳᠠᠯ᠂ ᠬᠤᠳᠠ᠎ᠶᠢᠨ ᠳᠤᠳᠤᠷᠠᠬᠢ ᠵᠠᠮ ᠬᠠᠷᠢᠯᠴᠠᠭᠠᠨ᠎ᠤ ᠨᠥᠬᠦᠪᠦᠷᠢ ᠵᠢᠴᠢ ᠵᠠᠮ ᠬᠠᠷᠢᠯᠴᠠᠭᠠᠨ᠎ᠤ ᠵᠠᠷᠤᠳᠠᠯ (2018 ᠣᠨ᠎ᠳᠤ ᠨᠢᠭᠡᠨᠳᠠ 3 ᠠᠵᠤ ᠠᠬᠤᠢᠯᠠᠯ᠎ᠤᠨ ᠳᠤᠱᠢᠶᠠᠭᠰᠠᠨ ᠵᠠᠷᠤᠳᠠᠯ᠎ᠢ ᠪᠤᠴᠠᠭᠠᠪᠠ)᠎ᠢ ᠳᠠᠩᠰᠠᠠ᠎ᠡᠴᠡ ᠳᠠᠢᠯᠤᠭᠤᠯᠪᠠ᠃ 2019 ᠣᠨ᠎ᠤ 3 ᠰᠠᠷ᠎ᠠ᠎ᠶᠢᠨ 15᠎ᠤ ᠡᠳᠦᠷ᠂ ᠡᠵᠡᠨ ᠬᠣᠷᠤᠭ᠎ᠠ ᠬᠣᠱᠢᠭᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠯᠢᠦ ᠵᠢᠢ ᠳ᠋ᠦᠩ᠎ᠳᠦ ᠨᠠᠮ᠎ᠤᠨ ᠳᠤᠳᠤᠭᠠᠳᠦ᠎ᠳᠦ ᠳᠣᠩᠭᠤᠳᠭᠤ ᠱᠢᠢᠳᠭᠡᠯ ᠥᠭᠪᠠ᠃
ᠪᠤᠭᠤᠲᠦ ᠬᠤᠳᠠ᠎ᠶᠢᠨ ᠵᠢᠦ ᠶᠤᠸᠠᠨ ᠳᠤᠭᠤᠷᠢᠭ᠎ᠤᠨ ᠰᠠᠷᠠᠭᠤᠯ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠨᠡᠢᠭᠡᠮ ᠳᠤᠭᠤᠷᠢᠭ᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ᠂ ᠬᠣᠶᠠᠳᠤᠭᠠᠷ ᠨᠡᠢᠭᠡᠮ ᠳᠤᠭᠤᠷᠢᠭ᠎ᠤᠨ ᠨᠠᠮ᠎ᠤᠨ ᠡᠭᠦᠷ᠎ᠦᠨ ᠳᠡᠳ᠋ ᠱᠦᠵᠢ ᠵᠠᠩ ᠬᠣᠩ ᠪᠢᠨ᠎ᠤ ᠳᠤᠭᠳᠠᠭᠠᠯ᠎ᠡᠴᠡ ᠵᠥᠷᠢᠴᠡᠨ ᠲᠥᠷᠦᠭᠰᠡᠨ ᠡᠳᠦᠷ᠎ᠦᠨ ᠳᠠᠢᠯᠠᠯᠭ᠎ᠠ ᠬᠢᠭᠰᠡᠨ ᠠᠰᠠᠭᠤᠳᠠᠯ᠃ 2018 ᠣᠨ᠎ᠤ 8 ᠰᠠᠷ᠎ᠠ᠎ᠶᠢᠨ 18᠎ᠤ ᠦᠳᠠ᠎ᠳᠤ᠂ ᠵᠠᠩ ᠬᠣᠩ ᠪᠢᠨ ᠵᠢᠤ ᠶᠤᠸᠠᠨ ᠳᠤᠭᠤᠷᠢᠭ᠎ᠤᠨ ᠰᠠᠷᠠᠭᠤᠯ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠨᠢᠭᠡᠨ ᠪᠠᠭᠤᠳᠠᠯ᠎ᠳᠤ ᠬᠦᠦᠳᠤᠪᠠᠨ ᠠᠷᠪᠠᠨ ᠬᠤᠶᠠᠷ ᠨᠠᠰᠤᠨ᠎ᠤ ᠲᠥᠷᠦᠭᠰᠡᠨ ᠡᠳᠦᠷ᠎ᠦᠨ ᠪᠠᠶᠠᠷ᠎ᠤᠨ ᠶᠣᠰᠤᠯᠠᠯ ᠡᠷᠬᠢᠯᠡᠵᠤ᠂ ᠳᠤᠭᠳᠠᠭᠠᠯ᠎ᠡᠴᠡ ᠵᠥᠷᠢᠴᠡᠨ ᠬᠣᠶᠠᠳᠤᠭᠠᠷ ᠨᠡᠢᠭᠡᠮ ᠳᠤᠭᠤᠷᠢᠭ᠎ᠤᠨ ᠨᠠᠮ᠎ᠤᠨ ᠡᠭᠦᠷ ᠰᠠᠭᠤᠭᠠᠯᠢ ᠠᠷᠠᠳ᠎ᠤᠨ ᠵᠥᠪᠯᠡᠯ᠎ᠦᠨ ᠪᠦᠷᠢᠯᠳᠦᠬᠦᠨ ᠵᠢᠴᠢ 3 ᠬᠠᠮᠢᠶᠠᠳᠤᠯᠳᠠ ᠪᠠ ᠦᠢᠯᠡᠴᠢᠯᠡᠭᠡ ᠬᠥᠷᠳᠡᠬᠦ ᠡᠳᠡᠭᠡᠳ᠎ᠦᠨ 3000 ᠲᠥᠭᠦᠷᠢᠭ᠎ᠦᠨ ᠪᠡᠯᠡᠭ᠎ᠦᠨ ᠵᠣᠭᠤᠰ᠎ᠢ ᠬᠦᠯᠢᠶᠡᠨ ᠠᠪᠴᠠᠢ᠃ 2019 ᠣᠨ᠎ᠤ 2 ᠰᠠᠷ᠎ᠠ᠎ᠶᠢᠨ 27᠎ᠦ ᠡᠳᠦᠷ᠂ ᠰᠠᠷᠠᠭᠤᠯ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ ᠲᠡᠭᠦᠨ᠎ᠳᠦ ᠨᠠᠮ᠎ᠤᠨ ᠳᠤᠳᠤᠭᠠᠳᠦ᠎ᠳᠤ ᠳᠣᠩᠭᠤᠳᠭᠤ ᠱᠢᠢᠳᠭᠡᠯ ᠥᠭᠪᠠ᠃
ᠥᠪᠤᠷ ᠮᠣᠩᠭᠤᠯ᠎ᠤᠨ ᠡᠳᠦᠷ᠎ᠦᠨ ᠰᠣᠨᠢᠨ᠎ᠡᠴᠡ ᠱᠢᠯᠵᠢᠭᠦᠯᠦᠨ ᠨᠡᠢᠲᠡᠯᠡᠪᠡ
ᠰᠤᠷᠪᠤᠯᠵᠢᠯᠠᠭᠴᠢ ᠨᠠᠢᠷᠠᠭᠤᠯᠤᠭᠴᠢ᠄ ᠵᠤᠯᠠ (ᠥᠪᠤᠷ ᠮᠣᠩᠭᠤᠯ᠎ᠤᠨ ᠡᠳᠦᠷ᠎ᠦᠨ ᠰᠣᠨᠢᠨ)