ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠮᠡᠳᠡᠭᠡ ᠵᠠᠩᠭᠢᠴᠢᠯᠠᠯᠳᠠ ᠳ᠋ᠢᠭᠢᠲᠴᠢᠯᠡᠯᠳᠡ᠎ᠶᠢᠨ ᠠᠵᠢᠯ᠎ᠢ ᠲᠦᠯᠬᠢᠨ ᠠᠬᠢᠭᠤᠯᠬᠤ ᠬᠤᠷᠠᠯ》 ᠬᠤᠷᠠᠯᠳᠤᠭᠤᠯᠪᠠ
2019.09.03

  7 ᠰᠠᠷ᠎ᠠ᠎ᠶᠢᠨ 25᠎ᠤ ᠦᠳᠡ᠎ᠶᠢᠨ ᠬᠣᠢᠨ᠎ᠠ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠡᠪᠯᠡᠯ᠎ᠦᠨ ᠪᠦᠯᠦᠭᠯᠡᠯ᠎ᠦᠨ ᠮᠡᠳᠡᠭᠡ ᠵᠠᠩᠭᠢᠴᠢᠯᠠᠯᠳᠠ ᠳ᠋ᠢᠭᠢᠲᠴᠢᠯᠡᠯᠳᠡ᠎ᠶᠢᠨ ᠠᠵᠢᠯ᠎ᠢ ᠲᠦᠯᠬᠢᠨ ᠠᠬᠢᠭᠤᠯᠬᠤ ᠬᠤᠷᠠᠯ᠎ᠢ ᠡᠷᠬᠢᠯᠡᠨ ᠬᠤᠷᠠᠯᠳᠤᠭᠤᠯᠵᠦ᠂ ᠪᠦᠯᠦᠭᠯᠡᠯ᠎ᠦᠨ ᠡᠵᠡᠩᠨᠡᠯᠳᠡ᠎ᠶᠢᠨ ᠤᠳᠤᠷᠢᠳᠭᠤ ᠪᠠᠭ ᠬᠢᠭᠡᠳ ᠬᠠᠮᠢᠶ᠎ᠠ ᠪᠦᠬᠦᠢ ᠬᠥᠮᠦᠰ᠂ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠡᠵᠡᠩᠨᠡᠯᠳᠡ᠎ᠶᠢᠨ ᠤᠳᠤᠷᠢᠳᠭᠤ ᠪᠠᠭ ᠬᠢᠭᠡᠳ ᠬᠠᠮᠢᠶ᠎ᠠ ᠪᠦᠬᠦᠢ ᠬᠥᠮᠦᠰ ᠨᠡᠢᠳᠡ 80 ᠭᠠᠷᠤᠢ ᠬᠥᠮᠦᠨ ᠬᠤᠷᠠᠯ᠎ᠳᠤ ᠣᠷᠤᠯᠴᠠᠪᠠ᠃

  ᠬᠤᠷᠠᠯ ᠳᠡᠭᠡᠷ᠎ᠡ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠡᠪᠯᠡᠯ᠎ᠦᠨ ᠪᠦᠯᠦᠭᠯᠡᠯ ᠪᠣᠯᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠮᠡᠳᠡᠭᠡ ᠵᠠᠩᠭᠢᠴᠢᠯᠠᠯᠳᠠ ᠳ᠋ᠢᠭᠢᠲᠴᠢᠯᠡᠯᠳᠡ᠎ᠤᠨ ᠠᠵᠢᠯ᠎ᠢ ᠡᠷᠭᠢᠴᠡᠭᠦᠯᠦᠨ ᠳ᠋ᠦᠩᠨᠡᠵᠦ᠂ ᠠᠵᠢᠯ ᠳᠥᠷᠦᠯ᠎ᠤᠨ ᠬᠦᠭᠵᠢᠯᠳᠠ᠎ᠶᠢᠨ ᠬᠠᠨᠳᠤᠱᠢ᠎ᠶᠢ ᠵᠠᠳᠠᠯᠤᠨ᠂ ᠳ᠋ᠢᠭᠢᠲᠴᠢᠯᠡᠨ ᠬᠡᠯᠪᠡᠷᠢ ᠰᠣᠯᠢᠬᠤ ᠠᠵᠢᠯ ᠲᠤᠯᠭᠠᠮ ᠪᠠᠢᠭ᠎ᠠ ᠪᠠᠢᠳᠠᠯ᠎ᠳᠤ ᠴᠢᠭᠯᠡᠭᠦᠯᠵᠦ᠂ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠭᠤᠷᠪᠠᠳᠠᠬᠢ ᠦᠢᠯᠡᠰ ᠪᠦᠳᠦᠬᠡᠯᠳᠡ᠎ᠲᠠᠢ ᠤᠶᠠᠯᠳᠤᠭᠤᠯᠤᠨ᠂ ᠬᠡᠪᠯᠡᠯ᠎ᠦᠨ ᠪᠦᠯᠦᠭᠯᠡᠯ᠎ᠦᠨ ᠤᠯᠠᠨ ᠵᠢᠯ᠎ᠤᠨ ᠮᠡᠳᠡᠭᠡ ᠵᠠᠩᠭᠢᠴᠢᠯᠠᠯᠳᠠ᠎ᠶᠢᠨ ᠠᠵᠢᠯ᠎ᠤᠨ ᠬᠤᠷᠠᠮᠳᠤᠭᠤᠯᠭ᠎ᠠ᠎ᠳᠤ ᠰᠠᠭᠤᠷᠢᠯᠠᠵᠦ ᠪᠦᠯᠦᠭᠯᠡᠯ᠎ᠦᠨ ᠮᠡᠳᠡᠭᠡ ᠵᠠᠩᠭᠢ᠎ᠶᠢᠨ ᠲᠥᠪ᠂ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ ᠵᠢᠴᠢ ᠬᠠᠷᠢᠶᠠᠯᠠᠭᠳᠠᠬᠤ ᠬᠠᠮᠢᠶ᠎ᠠ ᠪᠦᠬᠦᠢ ᠺᠣᠮᠫᠠᠨᠢ᠎ᠨᠤᠭᠤᠳ ᠰᠡᠳᠭᠢᠯ ᠨᠢᠭᠡᠳᠦᠨ ᠬᠦᠴᠦᠨ ᠬᠠᠮᠳᠤᠳᠭᠠᠵᠦ᠂ ᠳ᠋ᠢᠭᠢᠲ ᠰᠤᠷᠬᠤ ᠪᠢᠴᠢᠭ᠂ ᠳ᠋ᠢᠭᠢᠲ ᠳᠤᠰᠠᠯᠠᠬᠤ ᠮᠠᠲᠧᠷᠢᠶᠠᠯ ᠪᠠ ᠰᠡᠳᠦᠪ᠎ᠤᠨ ᠬᠥᠮᠦᠷᠭᠡ ᠪᠠᠢᠭᠤᠯᠬᠤ ᠠᠵᠢᠯ᠎ᠢ ᠪᠦᠬᠦ ᠲᠠᠯ᠎ᠠ᠎ᠪᠡᠷ ᠳᠦᠯᠬᠢᠨ ᠠᠬᠢᠭᠤᠯᠵᠦ᠂ ᠬᠡᠯᠪᠡᠷᠢ ᠰᠣᠯᠢᠬᠤ ᠶᠠᠪᠤᠴᠠ᠎ᠳᠤ ᠠᠱᠢᠭ ᠤᠯᠬᠤ ᠱᠢᠨ᠎ᠡ ᠬᠡᠪ ᠵᠠᠭᠪᠤᠷ᠎ᠢ ᠬᠠᠢᠨ ᠰᠦᠪᠡᠭᠴᠢᠯᠡᠵᠦ᠂ ᠨᠡᠢᠯᠡᠭ ᠬᠦᠭᠵᠢᠯᠳᠠ᠎ᠶᠢᠨ ᠱᠢᠨ᠎ᠡ ᠡᠵᠡᠩᠨᠡᠯᠳᠡ᠎ᠶᠢᠨ ᠪᠠᠢᠳᠠᠯ᠎ᠢ ᠪᠤᠢ ᠪᠣᠯᠭᠠᠬᠤ ᠬᠡᠷᠡᠭᠳᠡᠢ ᠭᠡᠵᠦ ᠱᠠᠭᠠᠷᠳᠠᠪᠠ᠃

  ᠡᠨᠡ ᠤᠳᠠᠭᠠᠨ᠎ᠤ ᠳᠦᠯᠬᠢᠨ ᠠᠬᠢᠭᠤᠯᠬᠤ ᠬᠤᠷᠠᠯ ᠳᠡᠭᠡᠷ᠎ᠡ ᠰᠤᠳᠤᠯᠤᠨ ᠶᠠᠷᠢᠯᠴᠠᠬᠤ᠎ᠪᠡᠷ ᠳᠠᠮᠵᠢᠨ ᠳ᠋ᠢᠭᠢᠲ ᠰᠤᠷᠬᠤ ᠪᠢᠴᠢᠭ᠎ᠪᠦᠲᠦᠭᠡᠨ ᠪᠠᠢᠭᠤᠯᠬᠤ ᠠᠵᠢᠯ᠎ᠢ ᠶᠠᠪᠤᠭᠳᠠᠭᠤᠯᠬᠤ ᠳᠤᠭᠤᠢᠯᠠᠩ᠎ᠢ ᠪᠠᠢᠭᠤᠯᠪᠠ᠃ ᠳᠤᠰ ᠳᠤᠭᠤᠢᠯᠠᠩ᠎ᠨᠢ ᠳ᠋ᠢᠭᠢᠲ ᠰᠤᠷᠬᠤ ᠪᠢᠴᠢᠭ ᠦᠢᠯᠡᠳᠬᠦ ᠪᠠ ᠪᠣᠰᠤᠭ᠎ᠠ ᠴᠤᠭᠴᠠᠳᠤ ᠳᠤᠰᠠᠯᠠᠬᠤ ᠮᠠᠲᠧᠷᠢᠶᠠᠯ᠎ᠤᠨ ᠳᠦᠰᠦᠯ ᠭᠠᠷᠭᠠᠬᠤ ᠠᠵᠢᠯ᠎ᠢ ᠬᠠᠷᠢᠭᠤᠴᠠᠵᠦ᠂ ᠨᠡᠢᠳᠡᠮ᠎ᠦᠨ ᠬᠡᠷᠡᠭᠯᠡᠭᠡᠨ᠎ᠦ ᠴᠢᠳᠠᠪᠬᠢᠳᠤ ᠬᠡᠰᠡᠭᠯᠡᠯ ᠪᠠ ᠬᠡᠪ ᠶᠠᠩᠵᠦ᠎ᠶᠢ ᠳᠦᠰᠦᠪᠯᠡᠨ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲᠧᠷᠢᠶᠠᠯ᠎ᠤᠨ ᠪᠦᠬᠦᠯᠢ ᠴᠣᠭᠴᠠ᠎ᠶᠢᠨ ᠦᠷ᠎ᠡ ᠪᠦᠳᠦᠮᠵᠢ᠎ᠶᠢ ᠪᠠᠳᠤᠯᠠᠵᠦ᠂ ᠡᠯ᠎ᠡ ᠪᠠᠭ᠎ᠠ ᠳᠤᠭᠤᠢᠯᠠᠩ᠎ᠢ ᠨᠢᠭᠡᠳᠦᠯᠳᠡᠢ ᠬᠠᠮᠢᠶᠠᠷᠤᠨ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲᠧᠷᠢᠶᠠᠯ᠎ᠤᠨ ᠬᠠᠮᠢᠶ᠎ᠠ ᠪᠦᠬᠦᠢ ᠬᠡᠷᠡᠭ ᠶᠠᠪᠤᠳᠠᠯ᠎ᠢ ᠳᠦᠯᠦᠪᠵᠢᠬᠦᠯᠦᠨ ᠱᠢᠢᠳᠪᠦᠷᠢ ᠭᠠᠷᠭᠠᠨ᠎ᠠ᠃ ᠳᠤᠭᠤᠢᠯᠠᠩ᠎ᠤᠨ ᠳᠣᠤᠷ᠎ᠠ ᠶᠡᠷᠦᠩᠬᠡᠢ ᠠᠯᠪᠠᠨ ᠭᠡᠷ᠂ ᠡᠳ᠋᠎ᠦᠨ ᠶᠠᠪᠤᠳᠠᠯ ᠬᠠᠤᠯᠢ᠎ᠶᠢᠨ ᠶᠠᠪᠤᠳᠠᠯ᠎ᠤᠨ ᠪᠠᠭ᠎ᠠ ᠳᠤᠭᠤᠢᠯᠠᠩ᠂ ᠵᠢᠭᠠᠨ ᠰᠤᠷᠭᠠᠯᠳᠠ᠎ᠶᠢ ᠰᠤᠳᠤᠯᠬᠤ ᠪᠠᠭ᠎ᠠ ᠳᠤᠭᠤᠢᠯᠠᠩ᠂ ᠳᠡᠪᠴᠡᠩ᠎ᠦᠨ ᠮᠡᠷᠭᠡᠵᠢᠯ ᠬᠠᠩᠭᠠᠬᠤ ᠪᠠᠭ᠎ᠠ ᠳᠤᠭᠤᠢᠯᠠᠩ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲᠧᠷᠢᠶᠠᠯ ᠦᠢᠯᠡᠳᠬᠦ ᠪᠠᠭ᠎ᠠ ᠳᠤᠭᠤᠢᠯᠠᠩ᠂ ᠬᠢᠴᠢᠶᠡᠯ ᠳᠥᠷᠦᠯ᠎ᠤᠨ ᠡᠬᠢ ᠪᠠᠶᠠᠯᠢᠭ ᠪᠠᠢᠭᠤᠯᠬᠤ ᠪᠠᠭ᠎ᠠ ᠳᠤᠭᠤᠢᠯᠠᠩ᠂ ᠡᠵᠡᠩᠨᠡᠯᠳᠡ ᠳᠡᠯᠭᠡᠷᠡᠬᠦᠯᠦᠯᠳᠡ᠎ᠶᠢᠨ ᠪᠠᠭ᠎ᠠ ᠳᠤᠭᠤᠢᠯᠠᠩ ᠵᠡᠷᠭᠡ ᠳᠣᠯᠤᠭᠠᠨ ᠪᠠᠭ᠎ᠠ ᠳᠤᠭᠤᠢᠯᠠᠩ ᠳᠤᠬᠢᠷᠠᠭᠤᠯᠵᠦ᠂ ᠳ᠋ᠢᠭᠢᠲ ᠰᠤᠷᠬᠤ ᠪᠢᠴᠢᠭ ᠳᠤᠰᠠᠯᠠᠬᠤ ᠮᠠᠲᠧᠷᠢᠶᠠᠯ᠎ᠤᠨ ᠡᠯ᠎ᠡ ᠲᠠᠯ᠎ᠠ᠎ᠶᠢᠨ ᠠᠵᠢᠯ᠎ᠢ ᠳᠦᠯᠬᠢᠨ ᠠᠬᠢᠭᠤᠯᠤᠨ᠎ᠠ᠃

  ᠰᠤᠳᠤᠯᠤᠨ ᠶᠠᠷᠢᠯᠴᠠᠬᠤ ᠶᠠᠪᠤᠴᠠ᠎ᠳᠤ ᠬᠠᠮᠢᠶ᠎ᠠ ᠪᠦᠬᠦᠢ ᠤᠳᠤᠷᠢᠳᠤᠯᠭ᠎ᠠ ᠪᠠ ᠬᠣᠯᠪᠤᠭᠳᠠᠬᠤ ᠡᠯ᠎ᠡ ᠨᠢᠭᠡᠴᠢ᠎ᠶᠢᠨ ᠬᠠᠷᠢᠭᠤᠴᠠᠯᠭᠠᠳᠠᠨ᠂ ᠨᠠᠢᠷᠠᠭᠤᠯᠤᠭᠴᠢ᠎ᠶᠢᠨ ᠳᠦᠯᠦᠭᠡᠯᠡᠭᠴᠢ᠎ᠨᠠᠷ ᠲᠤᠰ ᠲᠤᠰ ᠦᠭᠡ ᠶᠠᠷᠢᠵᠦ᠂ ᠳᠤᠰ ᠤᠳᠠᠭᠠᠨ᠎ᠤ ᠬᠤᠷᠠᠯ ᠪᠠ ᠳ᠋ᠢᠭᠢᠲ ᠰᠤᠷᠬᠤ ᠪᠢᠴᠢᠭ ᠳᠤᠰᠠᠯᠠᠬᠤ ᠮᠠᠲᠧᠷᠢᠶᠠᠯ᠎ᠤᠨ ᠠᠵᠢᠯ᠎ᠢ ᠥᠨᠳᠦᠷ ᠦᠨᠡᠯᠡᠨ᠂ ᠡᠨᠡ ᠪᠣᠯ ᠴᠠᠭ ᠦᠶ᠎ᠡ᠎ᠶᠢ ᠵᠠᠭᠠᠭᠯᠠᠭᠰᠠᠨ ᠬᠤᠷᠠᠯ᠂ ᠰᠤᠷᠭᠠᠨ ᠬᠥᠮᠦᠵᠢᠯ᠎ᠦᠨ ᠬᠡᠪᠯᠡᠯ᠎ᠦᠨ ᠬᠡᠯᠪᠡᠷᠢ ᠰᠣᠯᠢᠨ ᠳᠡᠰ ᠳᠠᠪᠱᠢᠬᠤ ᠪᠠ ᠰᠤᠷᠭᠠᠨ ᠬᠥᠮᠦᠵᠢᠯ᠎ᠦᠨ ᠤᠳᠤᠬᠢᠴᠢᠯᠠᠯᠳᠠ᠎ᠳᠤ ᠬᠥᠱᠢᠶ᠎ᠡ ᠳᠡᠮᠳᠡᠭ ᠪᠦᠬᠦᠢ ᠠᠴᠢ ᠬᠣᠯᠪᠤᠭᠳᠠᠯ᠎ᠲᠠᠢ ᠬᠡᠮᠡᠨ ᠰᠠᠨᠠᠯ ᠨᠢᠬᠡᠳᠡᠢ ᠵᠥᠪᠱᠢᠶᠡᠷᠡᠭᠦ᠎ᠶᠢᠨ ᠬᠠᠮᠳᠤ ᠬᠠᠮᠤᠭ ᠬᠦᠴᠦᠨ᠎ᠢᠶᠠᠷ ᠬᠠᠮᠵᠢᠯᠴᠠᠨ ᠳ᠋ᠢᠭᠢᠲ ᠰᠤᠷᠬᠤ ᠪᠢᠴᠢᠭ ᠳᠤᠰᠠᠯᠠᠬᠤ ᠮᠠᠲᠧᠷᠢᠶᠠᠯ᠎ᠤᠨ ᠪᠦᠳᠦᠬᠡᠨ ᠪᠠᠢᠭᠤᠯᠤᠯᠳᠠ᠎ᠶᠢᠨ ᠠᠵᠢᠯ᠎ᠢ ᠤᠷᠤᠭᠱᠢ ᠠᠬᠢᠭᠤᠯᠤᠨ᠎ᠠ ᠭᠡᠵᠦ ᠢᠯᠡᠷᠬᠡᠢᠯᠡᠭᠰᠡᠨ ᠪᠠᠢᠨ᠎ᠠ᠃

  ᠡᠨᠡ ᠤᠳᠠᠭᠠᠨ᠎ᠤ ᠬᠤᠷᠠᠯ᠎ᠨᠢ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠤᠨ ᠬᠣᠷᠢᠶᠠᠨ᠎ᠤ ᠳ᠋ᠢᠭᠢᠲ ᠰᠤᠷᠬᠤ ᠪᠢᠴᠢᠭ ᠳᠤᠰᠠᠯᠠᠬᠤ ᠮᠠᠲᠧᠷᠢᠶᠠᠯ᠎ᠤᠨ ᠠᠵᠢᠯ ᠵᠢᠩᠬᠢᠨᠢ᠎ᠪᠡᠷ ᠡᠬᠢᠯᠡᠭᠰᠡᠨ᠎ᠢ ᠬᠠᠷᠠᠭᠤᠯᠵᠦ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604