ᠪᠦᠬᠦ ᠣᠷᠤᠨ᠎ᠤ ᠰᠠᠭᠤᠷᠢ ᠰᠤᠷᠭᠠᠨ ᠬᠥᠮᠦᠵᠢᠯ᠎ᠦᠨ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
2019.09.20

  ᠪᠦ ᠱᠢᠶᠤᠤ ᠯᠢᠨ ᠴᠤᠬᠤᠯᠠᠪᠦᠷᠢ ᠦᠭᠴᠠᠢ

  ᠲᠤᠰ ᠰᠣᠨᠢᠨ᠎ᠤ ᠮᠡᠳᠡᠭᠡ (ᠰᠤᠷᠪᠤᠯᠵᠢᠯᠠᠭᠴᠢ ᠨᠠᠪᠴᠢ ᠳᠠᠳᠤᠯᠭ᠎ᠠ᠎ᠶᠢᠨ ᠰᠤᠷᠤᠭᠴᠢ ᠴᠠᠢᠯᠭᠠᠨ  ᠲᠡᠷᠭᠡᠯ)  9 ᠰᠠᠷ᠎ᠠ 11᠎ᠤ ᠡᠳᠦᠷ᠂ ᠪᠦᠬᠦ ᠣᠷᠤᠨ᠎ᠤ ᠰᠠᠭᠤᠷᠢ ᠰᠤᠷᠭᠠᠨ ᠬᠥᠮᠦᠵᠢᠯ᠎ᠦᠨ ᠠᠵᠢᠯ᠎ᠢ ᠠᠬᠢᠭᠤᠯᠬᠤ ᠬᠤᠷᠠᠯ ᠬᠥᠬᠡᠬᠤᠲᠠ᠎ᠳᠤ ᠶᠠᠪᠤᠭᠳᠠᠪᠠ᠃ ᠬᠤᠷᠠᠯ᠎ᠠᠴᠠ ᠪᠦᠬᠦ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ᠂ ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠰᠠᠭᠤᠷᠢ ᠰᠤᠷᠭᠠᠨ ᠬᠥᠮᠦᠵᠢᠯ᠎ᠦᠨ ᠨᠡᠩ ᠭᠣᠤᠯᠴᠢ ᠨᠡᠩ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠪᠠ᠃

  ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ᠎ᠤ ᠲᠡᠷᠢᠭᠦᠯᠡᠭᠴᠢ ᠪᠦ ᠱᠢᠶᠤᠤ ᠯᠢᠨ ᠴᠤᠬᠤᠯᠠᠪᠦᠷᠢ ᠥᠭᠪᠡ᠃ ᠥᠪᠡᠷᠲᠡᠭᠡᠨ ᠵᠠᠰᠠᠬᠤ ᠣᠷᠤᠨ᠎ᠤ ᠳᠡᠳ᠋ ᠲᠡᠷᠢᠭᠦᠯᠡᠭᠴᠢ ᠵᠸᠩ ᠬᠣᠩ ᠹᠠᠨ ᠬᠤᠷᠠᠯ᠎ᠳᠤ ᠣᠷᠤᠯᠴᠠᠵᠤ ᠶᠠᠷᠢᠶ᠎ᠠ ᠲᠠᠯᠪᠢᠪᠠ᠃

  ᠪᠦ ᠱᠢᠶᠤᠤ ᠯᠢᠨ ᠴᠤᠬᠤᠯᠠᠪᠤᠷᠢ᠎ᠳᠤ᠎ᠪᠠᠨ᠂ ᠰᠠᠭᠤᠷᠢ ᠰᠤᠷᠭᠠᠨ ᠬᠥᠮᠦᠵᠢᠯ ᠪᠤᠯ ᠤᠯᠤᠰ ᠠᠷᠠᠳ᠎ᠤᠨ ᠰᠤᠷᠭᠠᠨ ᠬᠥᠮᠦᠵᠢᠯ᠎ᠦᠨ ᠱᠢᠰᠲᠧᠮ᠎ᠤᠨ ᠳᠣᠲᠤᠷ᠎ᠠ ᠰᠠᠭᠤᠷᠢᠯᠠᠬᠤ ᠴᠢᠨᠠᠷᠲᠠᠢ᠂ ᠤᠳᠤᠷᠢᠳᠤᠮᠵᠢ᠎ᠶᠢᠨ ᠴᠢᠨᠠᠷᠲᠠᠢ ᠪᠠᠢᠷᠢ ᠰᠠᠭᠤᠷᠢ᠎ᠲᠠᠢ᠎ᠶᠤᠮ᠃ ᠡᠯ᠎ᠡ ᠱᠠᠲᠤᠨ᠎ᠤ ᠵᠠᠰᠠᠭ᠎ᠤᠨ ᠣᠷᠳᠤᠨ ᠪᠣᠯᠤᠨ ᠰᠤᠷᠭᠠᠨ ᠬᠥᠮᠦᠵᠢᠯ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠳᠠᠯᠠᠵᠤ᠂ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ᠎ᠶᠢ ᠴᠢᠩᠭᠠᠳᠭᠠᠵᠤ᠂ ᠪᠡᠯᠡ ᠣᠷᠤᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠶᠣᠰᠤ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠎ᠶᠢ ᠰᠠᠭᠤᠷᠢ ᠰᠤᠷᠭᠠᠨ ᠬᠥᠮᠦᠵᠢᠯ᠎ᠦᠨ ᠡᠯ᠎ᠡ ᠭᠣᠭᠴᠤᠭ᠎ᠠ᠎ᠳᠤ ᠣᠷᠤᠭᠤᠯᠵᠤ᠂ ᠰᠠᠭᠤᠷᠢ᠎ᠶᠢ ᠠᠳᠭᠤᠵᠤ᠂ ᠲᠤᠳᠠᠭᠤᠳᠠᠯ᠎ᠢ ᠨᠥᠬᠦᠪᠦᠷᠢᠯᠡᠵᠦ᠂ ᠪᠠᠭᠤᠷᠠᠢ ᠲᠠᠯ᠎ᠠ᠎ᠪᠠᠨ ᠴᠢᠩᠭᠠᠳᠭᠠᠵᠤ᠂ ᠬᠥᠭᠵᠢᠯᠲᠡ᠎ᠶᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠂ ᠴᠢᠨᠠᠷ ᠴᠢᠨᠰᠠᠭ᠎ᠠ᠎ᠪᠠᠨ ᠳᠡᠭᠡᠭᠱᠢᠯᠡᠭᠦᠯᠬᠦ᠂ ᠡᠷᠬᠡ ᠲᠡᠭᠱᠢ ᠪᠠᠢᠬᠤ᠎ᠶᠢ ᠠᠬᠢᠭᠤᠯᠬᠤ ᠳᠡᠭᠡᠷ᠎ᠡ ᠬᠦᠴᠦ ᠲᠠᠯᠪᠢᠵᠦ᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠴᠢᠷᠮᠠᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯ᠎ᠠᠴᠠ᠂ ᠨᠠᠮ᠎ᠤᠨ ᠲᠥᠪ ᠬᠣᠷᠢᠶ᠎ᠠ᠂ ᠲᠥᠷᠦ᠎ᠶᠢᠨ ᠶᠠᠪᠤᠳᠠᠯ᠎ᠤᠨ ᠬᠣᠷᠢᠶ᠎ᠠ ᠰᠠᠭᠤᠷᠢ ᠰᠤᠷᠭᠠᠨ ᠬᠥᠮᠦᠵᠢᠯ᠎ᠢ ᠳᠡᠭᠡᠲᠤ ᠬᠡᠮᠵᠢᠶ᠎ᠡ᠎ᠪᠡᠷ ᠴᠢᠬᠤᠯᠠᠴᠢᠯᠠᠵᠤ᠂ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠦᠮ᠎ᠦᠨ ᠰᠤᠷᠭᠠᠨ ᠬᠥᠮᠦᠵᠢᠯ᠂ ᠡᠩ᠎ᠦᠨ ᠳᠡᠭᠡᠳᠦ ᠳᠤᠮᠳᠠᠳᠤ᠎ᠶᠢᠨ ᠥᠭᠡᠷᠡᠴᠢᠯᠡᠯᠲᠡ᠎ᠶᠢᠨ ᠲᠤᠬᠠᠢ ᠭᠤᠷᠪᠠᠨ ᠪᠢᠴᠢᠭ ᠮᠠᠲᠧᠷᠢᠶᠠᠯ᠎ᠢ ᠳᠠᠷᠤᠮᠠᠯᠯᠠᠨ ᠲᠠᠷᠬᠠᠭᠠᠵᠤ᠂ ᠰᠠᠭᠤᠷᠢ ᠰᠤᠷᠭᠠᠨ ᠬᠥᠮᠦᠵᠢᠯ᠎ᠦᠨ ᠠᠵᠢᠯ᠎ᠳᠤ ᠱᠢᠰᠲᠧᠮ᠎ᠲᠠᠢ ᠲᠣᠬᠢᠷᠠᠭᠤᠯᠤᠯᠲᠠ ᠪᠠ ᠪᠠᠢᠷᠢᠯᠠᠭᠤᠯᠤᠯᠲᠠ ᠬᠢᠵᠡᠢ᠃ ᠡᠯ᠎ᠡ ᠭᠠᠵᠠᠷ ᠣᠷᠤᠨ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠲᠥᠪ᠎ᠦᠨ ᠬᠠᠮᠢᠶ᠎ᠠ ᠪᠦᠬᠦᠢ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠱᠢᠯᠠᠭᠤᠯᠵᠤ᠂ ᠰᠠᠭᠤᠷᠢ ᠰᠤᠷᠭᠠᠨ ᠬᠥᠮᠦᠵᠢᠯ᠎ᠢ ᠬᠥᠭᠵᠢᠭᠦᠯᠬᠦ᠎ᠪᠡᠷ ᠴᠢᠬᠤᠯᠠ ᠡᠭᠦᠷᠭᠡ᠎ᠪᠠᠨ ᠪᠣᠯᠭᠠᠵᠤ᠂ ᠳᠣᠪᠤᠢᠮ᠎ᠠ ᠠᠰᠠᠭᠤᠳᠠᠯ᠎ᠢ ᠰᠤᠳᠤᠯᠤᠨ ᠱᠢᠢᠳᠪᠦᠷᠢᠯᠡᠵᠦ᠂ ᠠᠷᠠᠳ ᠲᠦᠮᠡᠨ᠎ᠤ ᠬᠠᠨᠤᠮᠵᠢᠲᠠᠢ ᠰᠠᠭᠤᠷᠢ ᠰᠤᠷᠭᠠᠨ ᠬᠥᠮᠦᠵᠢᠯ᠎ᠢ ᠪᠦᠬᠦ ᠬᠦᠴᠦᠨ᠎ᠢᠶᠡᠷ ᠰᠠᠢᠲᠤᠷ ᠡᠷᠬᠢᠯᠡᠬᠦ ᠬᠡᠷᠡᠭᠲᠡᠢ ᠬᠡᠵᠦ ᠵᠢᠭᠠᠵᠤ ᠭᠠᠷᠭᠠᠪᠠ᠃

  ᠬᠤᠷᠠᠯ᠎ᠠᠴᠠ᠂ ᠰᠠᠭᠤᠷᠢ ᠰᠤᠷᠭᠠᠨ ᠬᠥᠮᠦᠵᠢᠯ᠎ᠢ ᠦᠨᠡᠨ᠎ᠬᠦ ᠤᠷᠢᠳ᠎ᠢᠶᠠᠷ ᠬᠥᠭᠵᠢᠭᠦᠯᠬᠦ ᠪᠠᠢᠷᠢᠨ᠎ᠳᠤ ᠲᠠᠯᠪᠢᠵᠤ᠂ ᠨᠡᠢᠭᠡᠮ ᠵᠢᠷᠤᠮ᠎ᠤᠨ ᠱᠢᠨᠵᠢ ᠴᠢᠨᠠᠷ᠎ᠲᠠᠢ᠂ ᠰᠤᠷᠭᠠᠨ ᠬᠥᠮᠦᠵᠢᠯ᠎ᠦᠨ ᠡᠷᠬᠡ ᠲᠡᠭᠱᠢ᠎ᠶᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠂ ᠪᠦᠬᠦ ᠲᠠᠯ᠎ᠠ᠎ᠪᠡᠷ ᠬᠥᠮᠦᠵᠢᠭᠦᠯᠬᠦ ᠪᠦᠬᠦ ᠲᠠᠯ᠎ᠠ᠎ᠶᠢᠨ ᠬᠥᠭᠵᠢᠯᠲᠡ᠎ᠶᠢᠨ ᠵᠠᠷᠴᠢᠮ᠎ᠢ ᠪᠠᠷᠢᠮᠳᠠᠯᠠᠵᠤ᠂ ᠮᠠᠨ᠎ᠤ ᠣᠷᠤᠨ᠎ᠤ ᠰᠠᠭᠤᠷᠢ ᠰᠤᠷᠭᠠᠨ ᠬᠥᠮᠦᠵᠢᠯ᠎ᠦᠨ ᠠᠵᠢᠯ᠎ᠳᠤ ᠣᠷᠤᠱᠢᠵᠤ ᠪᠠᠢᠭ᠎ᠠ ᠳᠣᠪᠤᠢᠮ᠎ᠠ ᠠᠰᠠᠭᠤᠳᠠᠯ᠎ᠢ ᠴᠢᠬᠤᠯᠠᠴᠢᠯᠠᠨ ᠦᠵᠡᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠭᠤᠵᠤ᠂ ᠲᠥᠪ᠎ᠦᠨ ᠬᠠᠮᠢᠶ᠎ᠠ ᠪᠦᠬᠦᠢ ᠪᠢᠴᠢᠭ ᠮᠠᠲᠧᠷᠢᠶᠠᠯ᠎ᠳᠤ ᠲᠣᠳᠤᠷᠬᠠᠢᠯᠠᠭᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠨᠠᠷᠢᠨ ᠬᠢᠨᠠᠮᠠᠭᠠᠢ ᠬᠠᠷᠢᠴᠠᠭᠤᠯᠤᠨ ᠬᠠᠷᠭᠤᠭᠤᠯᠵᠤ᠂ ᠭᠣᠤᠯᠳᠠᠯᠭ᠎ᠠ᠎ᠶᠢ ᠠᠳᠭᠤᠵᠤ᠂ ᠲᠥᠷᠦᠯ ᠵᠦᠢᠯ᠎ᠢ ᠳᠠᠷᠠᠭᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠤᠨ᠎ᠤ ᠰᠠᠭᠤᠷᠢ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠴᠢᠨᠠᠷ ᠴᠢᠨᠰᠠᠭ᠎ᠠ ᠪᠣᠯᠤᠨ ᠲᠦᠪᠱᠢᠨ᠎ᠢ ᠦᠨᠡᠨ᠎ᠬᠦ ᠳᠡᠭᠡᠭᠱᠢᠯᠡᠭᠦᠯᠵᠦ᠂ ᠠᠷᠠᠳ ᠤᠯᠠᠨ᠎ᠤ ᠰᠤᠷᠭᠠᠨ ᠬᠥᠮᠦᠵᠢᠯ᠎ᠦᠨ ᠬᠦᠷᠲᠡᠮᠵᠢ᠎ᠶᠢᠨ ᠲᠥᠷᠦᠭᠳᠡᠯ ᠪᠣᠯᠤᠨ ᠵᠢᠷᠭᠠᠯᠲᠤ ᠲᠥᠷᠦᠭᠳᠡᠯ᠎ᠢ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

                    ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ ᠨᠠᠪᠴᠢ

                        ᠳᠠᠳᠤᠯᠭ᠎ᠠ᠎ᠶᠢᠨ ᠰᠤᠷᠤᠭᠴᠢ ᠴᠠᠢᠯᠭᠠᠨ   ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604