ᠱᠢᠨᠬᠤᠸᠠ ᠬᠣᠷᠢᠶᠠᠨ᠎ᠤ ᠪᠦᠲᠦᠫᠸᠱᠲᠦᠨ 9 ᠰᠠᠷ᠎ᠠ᠎ᠶᠢᠨ 10᠎ᠤ ᠴᠠᠬᠢᠯᠭᠠᠨ ᠮᠡᠳᠡᠭᠡ᠎ᠡᠴᠡ (ᠰᠤᠷᠪᠤᠯᠵᠢᠯᠠᠭᠴᠢ ᠶᠠᠩ ᠱᠢᠶᠤᠤ ᠬᠣᠩ ᠶᠤᠸᠠᠨ ᠯᠢᠶᠠᠩ) ᠳᠤᠮᠳᠠᠳᠤ ᠤᠯᠤᠰ᠎ᠤᠨ ᠬᠤᠸᠠ ᠸᠸᠢ ᠺᠣᠮᠫᠠᠨᠢ 10᠎ᠤ ᠡᠳᠦᠷ ᠪᠦᠲᠦᠫᠸᠱᠲᠦᠨ ᠤᠯᠠᠨ ᠤᠯᠤᠰ᠎ᠤᠨ ᠴᠠᠬᠢᠯᠭᠠᠨ ᠴᠢᠮᠡᠭᠡ ᠬᠣᠯᠪᠤᠭᠠᠨ᠎ᠤ ᠨᠡᠢᠭᠡᠮᠯᠢᠭ᠎ᠦᠨ 2019 ᠣᠨ᠎ᠤ ᠳᠡᠯᠡᠬᠡᠢ᠎ᠶᠢᠨ ᠴᠠᠬᠢᠯᠭᠠᠨ ᠴᠢᠮᠡᠭᠡ ᠬᠣᠯᠪᠤᠭᠠᠨ᠎ᠤ ᠦᠵᠡᠭᠦᠯᠭᠡ ᠳᠡᠭᠡᠷ᠎ᠡ 《5G᠎ᠶᠢᠨ ᠬᠡᠷᠡᠭᠯᠡᠭᠡᠨ᠎ᠤ ᠵᠣᠭᠰᠤᠴᠠ᠎ᠶᠢᠨ ᠴᠠᠭᠠᠨ ᠭᠠᠳᠠᠷᠲᠤ ᠪᠢᠴᠢᠭ》 ᠨᠡᠢᠳᠡᠯᠡᠵᠦ᠂ 5G᠎ᠶᠢᠨ ᠤᠯᠠᠨ ᠬᠦᠷᠢᠶᠠᠨ᠎ᠳᠡᠬᠢ ᠬᠡᠷᠡᠭᠯᠡᠭᠡᠨ᠎ᠤ ᠪᠠᠢᠳᠠᠯ᠎ᠢ ᠪᠠᠷᠠᠯᠠᠭᠰᠠᠨ ᠪᠥᠭᠡᠳ ᠪᠦᠬᠦ ᠳᠡᠯᠡᠬᠡᠢ᠎ᠶᠢᠨ ᠠᠵᠢᠯ ᠲᠥᠷᠦᠯ᠎ᠦᠨ ᠵᠣᠬᠢᠶᠠᠨ ᠪᠠᠢᠭᠤᠯᠤᠯᠲᠠ ᠪᠣᠯᠤᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠬᠢᠨ ᠪᠠᠷᠢᠮᠵᠢᠶᠠᠲᠤ ᠬᠠᠮᠵᠢᠯᠴᠠᠭ᠎ᠠ᠂ ᠳᠠᠪᠲᠠᠮᠵᠢ᠎ᠶᠢᠨ ᠵᠢᠭᠰᠠᠯ᠎ᠤᠨ ᠪᠠᠢᠭᠤᠯᠤᠯᠲᠠ᠎ᠶᠢ ᠠᠬᠢᠭᠤᠯᠵᠤ᠂ 5G᠎ᠶᠢᠨ ᠬᠤᠳᠠᠯᠳᠤᠭᠠᠨ᠎ᠤ ᠬᠡᠷᠡᠭᠯᠡᠭᠡᠨ᠎ᠢ ᠪᠠᠢᠷᠢᠯᠠᠭᠤᠯᠬᠤ ᠪᠠ ᠬᠡᠷᠡᠭᠯᠡᠬᠦ᠎ᠳᠤ ᠰᠠᠢᠨ ᠰᠠᠢᠬᠠᠨ ᠡᠬᠢ ᠪᠠᠶᠠᠯᠢᠭ᠎ᠤᠨ ᠪᠠᠲᠤᠯᠠᠭ᠎ᠠ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠬᠠᠩᠭᠠᠵᠤ ᠥᠭᠬᠦ᠎ᠶᠢ ᠤᠷᠢᠶᠠᠯᠠᠪᠠ᠃
ᠳᠡᠯᠡᠬᠡᠢ᠎ᠶᠢᠨ ᠴᠠᠬᠢᠯᠭᠠᠨ ᠴᠢᠮᠡᠭᠡ ᠬᠣᠯᠪᠤᠭᠠᠨ᠎ᠤ ᠦᠵᠡᠭᠦᠯᠭᠡ᠎ᠶᠢᠨ ᠬᠤᠭᠤᠴᠠᠭᠠᠨ᠎ᠳᠤ ᠬᠤᠸᠠ ᠸᠸᠢ ᠺᠣᠮᠫᠠᠨᠢ᠎ᠶᠢᠨ ᠵᠣᠬᠢᠶᠠᠨ ᠪᠠᠢᠭᠤᠯᠤᠭᠰᠠᠨ 《5G+1GB᠄ ᠣᠶᠤᠨᠴᠢ ᠢᠷᠡᠭᠡᠳᠦᠢ》 ᠶᠠᠷᠢᠶᠠᠨ᠎ᠤ ᠲᠠᠪᠴᠠᠩ ᠳᠡᠭᠡᠷ᠎ᠡ ᠬᠤᠸᠠ ᠸᠸᠢ ᠺᠣᠮᠫᠠᠨᠢ᠎ᠶᠢᠨ 5G᠎ᠶᠢᠨ ᠪᠦᠲᠦᠭᠡᠭᠳᠡᠬᠦᠨ᠎ᠤ ᠦᠢᠯᠡᠳᠪᠦᠷᠢᠯᠡᠯ᠎ᠦᠨ ᠱᠤᠭᠤᠮ᠎ᠤᠨ ᠶᠡᠷᠦᠩᠬᠡᠢ ᠵᠠᠬᠢᠷᠤᠭᠴᠢ ᠶᠠᠩ ᠴᠤᠤ ᠪᠢᠨ ᠡᠨᠡᠬᠦ ᠴᠠᠭᠠᠨ ᠭᠠᠳᠠᠷᠲᠤ ᠪᠢᠴᠢᠭ᠎ᠢ ᠨᠡᠢᠳᠡᠯᠡᠪᠡ᠃ ᠴᠠᠭᠠᠨ ᠭᠠᠳᠠᠷᠲᠤ ᠪᠢᠴᠢᠭ᠎ᠨᠢ ᠬᠡᠷᠡᠭᠯᠡᠭᠡᠨ᠎ᠤ ᠱᠢᠨ᠎ᠡ᠎ᠶᠢ ᠡᠭᠦᠳᠬᠦ᠂ ᠪᠠᠷᠢᠮᠵᠢᠶ᠎ᠠ᠂ ᠳᠠᠪᠲᠠᠮᠵᠢ᠎ᠶᠢᠨ ᠵᠢᠭᠰᠠᠯ᠂ ᠠᠵᠤ ᠦᠢᠯᠡᠰ᠎ᠦᠨ ᠠᠮᠢ ᠠᠬᠤᠢ ᠵᠡᠷᠭᠡ ᠳᠥᠷᠪᠡᠨ ᠲᠠᠯ᠎ᠠ᠎ᠠᠴᠠ 5G᠎ᠶᠢᠨ ᠬᠥᠭᠵᠢᠯᠲᠡ᠎ᠶᠢ ᠥᠭᠦᠯᠡᠵᠡᠢ᠃
ᠶᠠᠩ ᠴᠤᠤ ᠪᠢᠨ ᠶᠠᠷᠢᠶᠠᠨ᠎ᠤ ᠲᠠᠪᠴᠠᠩ ᠳᠡᠭᠡᠷ᠎ᠡ ᠬᠤᠷᠠᠯ᠎ᠳᠤ ᠣᠷᠤᠯᠴᠠᠭᠰᠠᠳ᠎ᠲᠤ 5G᠎ᠶᠢᠨ ᠬᠥᠭᠵᠢᠯᠲᠡ᠎ᠶᠢᠨ ᠬᠡᠲᠤ᠎ᠶᠢᠨ ᠲᠥᠯᠦᠪ᠎ᠢ ᠬᠠᠷᠠᠭᠤᠯᠬᠤ ᠳᠠᠭᠠᠨ᠂ ᠣᠳᠤᠬᠠᠨ᠎ᠤ ᠪᠦᠬᠦ ᠳᠡᠯᠡᠬᠡᠢ᠎ᠶᠢᠨ 5G᠎ᠶᠢᠨ ᠬᠥᠭᠵᠢᠯᠲᠡ ᠶᠠᠭ ᠲᠦᠷᠭᠡᠰᠴᠤ ᠪᠠᠢᠨ᠎ᠠ᠃ ᠪᠦᠬᠦ ᠳᠡᠯᠡᠬᠡᠢ᠎ᠶᠢᠨ ᠬᠡᠪᠴᠢᠶᠠᠨ᠎ᠳᠤ᠂ 20 ᠤᠯᠤᠰ᠎ᠤᠨ 35 ᠡᠵᠡᠩᠨᠡᠯᠲᠡ᠎ᠶᠢᠨ ᠬᠤᠳᠠᠯᠳᠤᠭᠠᠴᠢᠨ ᠨᠢᠭᠡᠨᠲᠡ 5G᠎ᠶᠢ ᠨᠡᠢᠳᠡᠯᠡᠵᠦ᠂ ᠪᠤᠰᠤᠳ 33 ᠤᠯᠤᠰ ᠨᠢᠭᠡᠨᠲᠡ 5G᠎ᠶᠢᠨ ᠳᠠᠪᠲᠠᠮᠵᠢ᠎ᠶᠢᠨ ᠵᠢᠭᠰᠠᠯ᠎ᠢ ᠬᠤᠪᠢᠶᠠᠷᠢᠯᠠᠪᠠ᠃ ᠡᠨᠡ᠎ᠨᠢ 5G᠎ᠶᠢᠨ ᠴᠠᠭ ᠦᠶ᠎ᠡ ᠨᠢᠭᠡᠨᠲᠡ ᠬᠦᠷᠴᠦ ᠢᠷᠡᠭᠰᠡᠨ᠎ᠢ ᠬᠠᠷᠠᠭᠤᠯᠵᠤ ᠪᠠᠢᠨ᠎ᠠ ᠬᠡᠵᠦ ᠬᠡᠯᠡᠪᠡ᠃ ᠴᠠᠭᠠᠨ ᠭᠠᠳᠠᠷᠲᠤ ᠪᠢᠴᠢᠭ᠎ᠲᠤ᠂ ᠢᠷᠡᠭᠡᠳᠦᠢ᠎ᠳᠤ 5G᠎ᠨᠢ ᠲᠦᠭ ᠲᠦᠮᠡᠨ ᠵᠠᠬ᠎ᠠ ᠳᠡᠯᠭᠡᠭᠦᠷ᠎ᠦᠨ ᠣᠷᠤᠨ ᠵᠠᠢ ᠪᠠ ᠪᠡᠯᠡ ᠣᠷᠤᠭᠤᠯᠤᠯᠲᠠ᠎ᠶᠢᠨ ᠠᠵᠠ ᠳᠤᠬᠢᠶᠠᠯ᠎ᠢ ᠡᠭᠦᠳᠬᠦ ᠪᠣᠯᠤᠨ᠎ᠠ᠃ 2035 ᠣᠨ᠎ᠳᠤ᠂ 5G᠎ᠨᠢ ᠪᠦᠬᠦ ᠳᠡᠯᠡᠬᠡᠢ᠎ᠳᠤ ᠪᠠᠷᠤᠭ 12 ᠲᠦᠮᠡᠨ ᠳ᠋ᠦᠩᠱᠢᠭᠤᠷ ᠳ᠋ᠤᠯᠯᠠᠷ᠎ᠤᠨ ᠠᠵᠤ ᠠᠬᠤᠢ᠎ᠶᠢᠨ ᠭᠠᠷᠭᠠᠯᠲᠠ᠎ᠶᠢ ᠡᠭᠦᠳᠬᠦ ᠪᠣᠯᠤᠨ᠎ᠠ᠂ ᠡᠭᠦᠨ᠎ᠳᠤ ᠴᠠᠬᠢᠯᠭᠠᠨ ᠴᠢᠮᠡᠭᠡ ᠬᠣᠯᠪᠤᠭ᠎ᠠ᠎ᠶᠢᠨ 80%᠎ᠶᠢᠨ ᠣᠷᠤᠯᠭ᠎ᠠ᠎ᠨᠢ 5G᠎ᠳᠤ ᠬᠣᠯᠪᠤᠭᠳᠠᠨ᠎ᠠ ᠭᠡᠵᠦ ᠦᠵᠡᠪᠡ᠃
ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ
ᠰᠤᠷᠪᠤᠯᠵᠢᠯᠠᠭᠴᠢ ᠶᠠᠩ ᠱᠢᠶᠤᠤ ᠬᠣᠩ ᠶᠤᠸᠠᠨ ᠯᠢᠶᠠᠩ