《ᠬᠡᠰᠡᠷ》᠎ᠤᠨ ᠦᠯᠢᠬᠡᠷ ᠲᠤᠤᠯᠢ ᠬᠠᠢᠯᠠᠯᠭ᠎ᠠ ᠵᠢ ᠮᠢᠩᠭᠠᠨ ᠴᠠᠭ ᠰᠡᠬᠦᠳᠡᠷᠯᠡᠨ ᠦᠢᠯᠡᠳᠬᠦ ᠠᠵᠢᠯ ᠡᠬᠢᠯᠡᠪᠡ
2019.10.16

 

    10 ᠰᠠᠷ᠎ᠠ᠎ᠵᠢᠨ 9᠎ᠤ ᠡᠳᠤᠷ᠂ 《ᠬᠡᠰᠡᠷ》᠎ᠤᠨ ᠦᠯᠢᠬᠡᠷ ᠲᠤᠤᠯᠢ ᠬᠠᠢᠯᠠᠯᠭ᠎ᠠ ᠵᠢ ᠮᠢᠩᠭᠠᠨ ᠴᠠᠭ ᠰᠡᠬᠦᠳᠡᠷᠯᠡᠨ ᠦᠢᠯᠡᠳᠬᠦ ᠠᠵᠢᠯ ᠪᠠᠭᠠᠷᠢᠨ ᠪᠠᠷᠠᠭᠤᠨ ᠬᠤᠱᠢᠭᠤᠨ᠎ᠤ ᠬᠡᠰᠡᠷ ᠰᠤᠶᠤᠯ᠎ᠢ ᠰᠤᠳᠤᠯᠤᠨ ᠬᠦᠭᠵᠢᠬᠦᠯᠬᠦ ᠲᠦᠪ᠎ᠲᠤ ᠡᠬᠢᠯᠡᠭᠰᠡᠨ ᠪᠠᠢᠨ᠎ᠠ᠃

     《ᠬᠡᠰᠡᠷ》 ᠪᠤᠯ ᠲᠤᠮᠳᠠᠳᠤ ᠤᠯᠤᠰ᠎ᠤᠨ ᠭᠤᠷᠪᠡᠨ ᠶᠡᠬᠡ ᠲᠤᠤᠯᠢ᠎ᠵᠢᠨ ᠨᠢᠬᠡ ᠪᠠᠢᠵᠦ᠂ ᠮᠠᠨ᠎ᠤ ᠤᠯᠤᠰ᠎ᠤᠨ ᠠᠩᠬᠠᠳᠤᠭᠠᠷ ᠤᠳᠠᠭ᠎ᠠ ᠨᠡᠢᠳᠡᠯᠡᠭᠰᠡᠨ ᠤᠯᠤᠰ᠎ᠤᠨ ᠲᠡᠰ᠎ᠦᠨ᠎ᠪᠤᠳᠠᠰ᠎ᠤᠨ ᠪᠤᠰᠤ ᠰᠤᠶᠤᠯ᠎ᠤᠨ ᠦᠪ᠎ᠦᠨ ᠲᠦᠯᠦᠬᠡᠯᠡᠬᠦ ᠪᠦᠳᠤᠬᠡᠯ᠎ᠤᠨ ᠨᠠᠷᠠᠰ᠎ᠤᠨ ᠵᠢᠭᠰᠠᠭᠠᠯᠳᠠ᠎ᠳᠤ ᠤᠷᠤᠭᠰᠠᠨ᠎ᠶᠤᠮ᠃ ᠲᠤᠮᠳᠠᠳᠤ ᠵᠠᠭᠤᠨ ᠡᠴᠠ ᠡᠬᠢᠯᠡᠨ ᠪᠠᠭᠠᠷᠢᠨ᠎ᠢ ᠪᠠᠭᠳᠠᠭᠠᠭᠰᠠᠨ ᠦᠪᠤᠷ ᠮᠳᠭᠭᠤᠯ᠎ᠤᠨ ᠵᠡᠬᠦᠨ ᠤᠷᠤᠨ᠎ᠳᠤ ᠴᠤᠭᠤᠷ ᠬᠦᠭᠵᠢᠮ᠎ᠤᠨ ᠬᠠᠪᠰᠤᠷᠤᠯᠭ᠎ᠠ᠎ᠲᠠᠢ᠎ᠪᠠᠷ ᠮᠠᠩᠭᠤᠰ᠎ᠤᠨ ᠦᠯᠢᠬᠡᠷ ᠪᠠᠭᠠᠳᠤᠷ᠎ᠤᠨ ᠲᠤᠤᠯᠢ ᠵᠢ ᠬᠠᠢᠯᠠᠵᠦ ᠪᠠᠢᠭᠰᠠᠨ ᠪᠦᠬᠡᠳ ᠡᠬᠦᠨ᠎ᠳᠤ 《ᠬᠡᠰᠡᠷ》᠎ᠤᠨ ᠦᠯᠢᠬᠡᠷ ᠲᠤᠤᠯᠢ᠎ᠵᠢᠨ ᠬᠠᠢᠯᠠᠯᠭ᠎ᠠ᠎ᠨᠢ ᠤᠳᠤ᠎ᠳᠤ ᠲᠤᠯᠳᠠᠯ᠎ᠠ ᠤᠷᠤᠨ ᠨᠤᠲᠤᠭ᠎ᠤᠨ ᠬᠡᠪ ᠨᠠᠮᠪᠠ᠎ᠲᠠᠢ ᠦᠪᠯᠡᠨ ᠤᠯᠠᠮᠵᠢᠯᠠᠭᠳᠠᠭᠰᠠᠭᠠᠷ ᠢᠷᠡᠵᠠᠢ᠃ ᠲᠤᠰ ᠤᠳᠠᠭᠠᠨ᠎ᠤ 《ᠬᠡᠰᠡᠷ》᠎ᠤᠨ ᠦᠯᠢᠬᠡᠷ ᠲᠤᠤᠯᠢ ᠬᠠᠢᠯᠠᠯᠭ᠎ᠠ ᠵᠢ ᠮᠢᠩᠭᠠᠨ ᠴᠠᠭ ᠰᠡᠬᠦᠳᠡᠷᠯᠡᠨ ᠦᠢᠯᠡᠳᠬᠦ ᠠᠵᠢᠯ᠎ᠨᠢ ᠰᠢ᠎ᠵᠢᠨ ᠫᠢᠡᠭ ᠶᠡᠷᠳᠭᠬᠡᠢ ᠱᠦᠵᠢ᠎ᠵᠢᠨ ᠴᠢᠬᠤᠯᠠ ᠵᠢᠭᠠᠪᠤᠷᠢ ᠵᠢ ᠪᠤᠳᠠᠳᠠᠢᠵᠢᠭᠤᠯᠤᠨ ᠬᠡᠷᠡᠭᠵᠢᠬᠦᠯᠵᠦ᠂ 《ᠬᠡᠰᠡᠷ》 ᠰᠤᠳᠤᠯᠤᠯ᠎ᠢ ᠬᠤᠢᠱᠢᠳᠡ ᠦᠪᠯᠡᠨ ᠵᠠᠯᠭᠠᠮᠵᠢᠯᠠᠬᠤ ᠪᠠ ᠨᠡᠢᠳᠡ᠎ᠳᠤ ᠲᠠᠨᠢᠭᠤᠯᠬᠤ ᠲᠠᠯ᠎ᠠ᠎ᠪᠠᠷ ᠱᠢᠨ᠎ᠡ ᠬᠦᠭ ᠠᠶᠠᠰ᠎ᠲᠠᠢ ᠪᠤᠯᠭᠠᠭᠰᠠᠨ ᠪᠠᠢᠨ᠎ᠠ᠃

    ᠦᠪᠤᠷ ᠮᠳᠭᠭᠤᠯ᠎ᠤᠨ ᠱᠢᠨᠵᠢᠯᠡᠬᠦ ᠤᠠᠬᠠᠭᠠᠨ ᠲᠧᠭᠨᠢᠭ ᠮᠡᠷᠬᠡᠵᠢᠯ᠎ᠤᠨ ᠬᠡᠪᠯᠡᠯ᠎ᠤᠨ ᠬᠤᠷᠢᠶᠠᠨ᠎ᠤ ᠲᠠᠷᠤᠭ᠎ᠠ ᠪᠠᠳᠤᠪᠠᠶᠠᠷ ᠰᠤᠷᠪᠤᠯᠵᠢᠯᠠᠭ᠎ᠠ ᠬᠦᠯᠢᠶᠡᠬᠦ᠎ᠳᠤ᠎ᠪᠠᠨ᠄ 《<ᠬᠡᠰᠡᠷ> ᠲᠤᠤᠯᠢ ᠬᠠᠢᠯᠠᠬᠤ ᠵᠢ ᠱᠢᠩᠬᠡᠬᠡᠬᠦ ᠠᠵᠢᠯ ᠪᠤᠯ ᠶᠡᠬᠡ ᠤᠳᠬ᠎ᠠ ᠠᠭᠤᠯᠭ᠎ᠠ᠎ᠲᠠᠢ ᠠᠵᠢᠯ᠂ ᠢᠯᠠᠩᠭᠤᠶ᠎ᠠ ᠰᠢ᠎ᠵᠢᠨ ᠫᠢᠡᠭ ᠶᠡᠷᠦᠩᠬᠡᠢ ᠱᠦᠵᠢ ᠤᠯᠠᠭᠠᠨᠬᠠᠳᠠ ᠬᠤᠳᠠ᠎ᠳᠤ ᠠᠵᠢᠯ ᠪᠠᠢᠴᠠᠭᠠᠬᠤ᠎ᠳᠤ᠎ᠪᠠᠨ ᠬᠡᠰᠡᠷ ᠲᠤᠤᠯᠢ ᠵᠢ ᠬᠠᠢᠯᠠᠬᠤ ᠤᠯᠠᠮᠵᠢᠯᠠᠬᠤ ᠠᠵᠢᠯ᠎ᠢ ᠴᠢᠬᠤᠯᠠᠴᠢᠯᠠᠨ ᠵᠢᠭᠠᠪᠤᠷᠢᠯᠠᠭᠰᠠᠨ ᠪᠠᠢᠨ᠎ᠠ᠂ ᠡᠨᠡ ᠵᠢᠭᠠᠪᠤᠷᠢ᠎ᠶᠢ ᠨᠠᠢᠳᠠᠪᠦᠷᠢᠵᠢᠭᠤᠯᠬᠤ᠎ᠳᠤ ᠪᠤᠳᠠᠳᠠᠢ ᠠᠵᠢᠯ᠎ᠢ ᠬᠢᠬᠦ ᠴᠢᠬᠤᠯᠠ᠎ᠲᠠᠢ᠂ ᠭᠠᠭᠴᠠ᠎ᠬᠦ ᠱᠢᠩᠬᠡᠬᠡᠨ ᠦᠢᠯᠡᠳᠤᠬᠡᠳ ᠪᠤᠯᠬᠤ ᠪᠢᠱᠢ᠂ ᠤᠯᠠᠨ ᠲᠦᠮᠡᠨ᠎ᠳᠤ ᠮᠡᠳᠡᠬᠦᠯᠬᠦ ᠬᠡᠷᠡᠭᠲᠡᠢ᠂ ᠪᠢᠳᠡ ᠮᠠᠨ᠎ᠤ <ᠬᠦᠬᠡ ᠲᠠᠯ᠎ᠠ ᠰᠤᠨᠤᠰᠳᠠᠭ ᠨᠤᠮ> ᠬᠡᠬᠦ ᠲᠠᠪᠴᠡᠡᠭ᠎ᠢᠶᠠᠷ᠎ᠢᠶᠠᠨ ᠲᠠᠮᠵᠢᠭᠤᠯᠵᠦ᠂ ᠪᠦᠳᠤᠬᠡᠯ᠎ᠢᠶᠠᠨ ᠨᠡᠡᠭ ᠤᠯᠠᠨ ᠬᠦᠮᠦᠨ ᠠᠷᠠᠳ᠎ᠲᠤ᠂ <ᠬᠡᠰᠡᠷ>᠎ᠢ ᠮᠡᠳᠡᠬᠦᠯᠵᠦ ᠲᠠᠨᠢᠭᠤᠯᠬᠤ᠂ ᠲᠤᠷ᠎ᠠ ᠪᠠᠬ᠎ᠠ᠎ᠲᠠᠢ ᠬᠦᠮᠦᠰ ᠡᠬᠦᠨ᠎ᠢᠶᠠᠷ ᠪᠠᠬᠠᠷᠬᠠᠬᠤ ᠵᠢᠴᠢ ᠵᠠᠯᠭᠠᠮᠵᠢᠯᠠᠵᠦ ᠬᠦᠭᠵᠢᠬᠦᠯᠬᠦ᠎ᠳᠤ ᠦᠢᠯᠡᠳᠤᠯ ᠦᠵᠡᠬᠦᠯᠦᠶ᠎ᠡ ᠬᠡᠵᠦ ᠪᠤᠳᠤᠵᠦ ᠪᠠᠢᠨ᠎ᠠ》 ᠬᠡᠵᠠᠢ᠃

    ᠲᠤᠰ ᠤᠳᠠᠭᠠᠨ᠎ᠤ ᠰᠡᠬᠦᠳᠡᠷᠯᠡᠨ ᠱᠢᠩᠬᠡᠬᠡᠬᠦ ᠠᠵᠢᠯ᠎ᠢ ᠦᠪᠤᠷ ᠮᠳᠭᠭᠤᠯ᠎ᠤᠨ ᠱᠢᠨᠵᠢᠯᠡᠬᠦ ᠤᠠᠬᠠᠭᠠᠨ ᠲᠧᠭᠨᠢᠭ ᠮᠡᠷᠬᠡᠵᠢᠯ᠎ᠤᠨ ᠬᠡᠪᠯᠡᠯ᠎ᠤᠨ ᠬᠤᠷᠢᠶ᠎ᠠ ᠪᠠ ᠪᠠᠭᠠᠷᠢᠨ ᠪᠠᠷᠠᠭᠤᠨ ᠬᠤᠱᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠡᠴᠠ ᠭᠤᠤᠯᠴᠢᠯᠠᠨ ᠡᠷᠬᠢᠯᠡᠵᠦ᠂ ᠪᠠᠭᠠᠷᠢᠨ ᠪᠠᠷᠠᠭᠤᠨ ᠬᠤᠱᠢᠭᠤᠨ᠎ᠤ ᠬᠡᠰᠡᠷ ᠰᠤᠶᠤᠯ᠎ᠢ ᠰᠤᠳᠤᠯᠤᠨ ᠬᠦᠭᠵᠢᠬᠦᠯᠬᠦ ᠲᠦᠪ ᠪᠠ ᠦᠪᠤᠷ ᠮᠳᠭᠭᠤᠯ᠎ᠤᠨ ᠱᠢᠨᠵᠢᠯᠡᠬᠦ ᠤᠠᠬᠠᠭᠠᠨ ᠲᠧᠭᠨᠢᠭ ᠮᠡᠷᠬᠡᠵᠢᠯ᠎ᠤᠨ ᠬᠡᠪᠯᠡᠯ᠎ᠤᠨ ᠬᠤᠷᠢᠶ᠎ᠠ᠎ᠵᠢᠨ 《ᠬᠦᠬᠡ ᠲᠠᠯ᠎ᠠ》 ᠰᠦᠯᠵᠢᠶ᠎ᠡ ᠡᠴᠠ ᠲᠠᠭᠠᠭᠠᠴᠢᠯᠠᠨ ᠶᠠᠪᠤᠭᠳᠠᠭᠤᠯᠵᠦ᠂ ᠤᠷᠤᠨ ᠨᠤᠳᠤᠭ᠎ᠤᠨ ᠰᠤᠶᠤᠯ ᠦᠪ᠎ᠢ ᠱᠢᠨ᠎ᠡ ᠠᠬᠤᠢ ᠪᠠᠢᠳᠠᠯ᠎ᠳᠤ ᠱᠢᠨ᠎ᠡ᠎ᠪᠠᠷ ᠦᠪᠯᠡᠨ ᠵᠠᠯᠭᠠᠮᠵᠢᠯᠠᠬᠤ ᠵᠢᠴᠢ ᠰᠤᠳᠤᠯᠤᠨ ᠬᠦᠭᠵᠢᠬᠦᠯᠬᠦ᠎ᠳᠤ ᠳᠦᠬᠦᠮ ᠳᠦᠳᠡ ᠨᠦᠬᠦᠴᠡᠯ᠎ᠢ ᠬᠠᠩᠭᠠᠭᠰᠠᠨ ᠪᠠᠢᠨ᠎ᠠ᠃

    ᠦᠪᠤᠷ ᠮᠳᠭᠭᠤᠯ᠎ᠤᠨ ᠬᠡᠪᠯᠡᠯ᠎ᠤᠨ ᠪᠦᠯᠦᠭᠯᠡᠯ᠎ᠤᠨ ᠳᠡᠳ᠋ ᠶᠡᠷᠦᠩᠬᠡᠢ ᠲᠠᠭᠠᠭᠠᠮᠠᠯ ᠡᠷᠳᠡᠨᠢᠧᠴᠢᠷ ᠰᠤᠷᠪᠤᠯᠵᠢᠯᠠᠭ᠎ᠠ ᠬᠦᠯᠢᠶᠡᠬᠦ᠎ᠳᠤ᠎ᠪᠠᠨ᠄ 《ᠮᠠᠨ᠎ᠤ ᠪᠦᠯᠦᠭᠯᠡᠯ ᠦᠨᠳᠤᠰᠤᠳᠠᠨ᠎ᠤ ᠦᠪ ᠰᠤᠶᠤᠯ᠎ᠢᠶᠠᠨ ᠤᠯᠠᠮᠵᠢᠯᠠᠨ ᠬᠦᠭᠵᠢᠬᠦᠯᠵᠦ ᠵᠠᠯᠭᠠᠮᠵᠢᠯᠠᠨ ᠬᠠᠮᠠᠭᠠᠯᠠᠬᠤ ᠲᠠᠯ᠎ᠠ᠎ᠪᠠᠷ ᠤᠯᠠᠨ ᠪᠦᠳᠤᠮᠵᠢᠳᠠᠢ ᠠᠵᠢᠯ ᠬᠢᠵᠠᠢ᠃ ᠦᠨᠤᠳᠤᠷ᠎ᠤᠨ ᠪᠠᠭᠠᠷᠢᠨ ᠪᠠᠷᠠᠭᠤᠨ ᠬᠤᠱᠢᠭᠤᠨ᠎ᠳᠤ ᠪᠤᠯᠤᠭᠰᠠᠨ ᠬᠦᠳᠡᠯᠬᠡᠬᠡᠨ ᠶᠡᠬᠡ ᠰᠠᠢᠬᠠᠨ ᠪᠤᠯᠤᠯ᠎ᠠ᠂ ᠡᠨᠡ ᠠᠵᠢᠯ᠎ᠤᠨ ᠤᠳᠬ᠎ᠠ ᠠᠭᠤᠯᠭ᠎ᠠ᠎ᠨᠢ ᠭᠤᠤᠯᠳᠠᠭᠤ ᠰᠦᠯᠵᠢᠶ᠎ᠡ᠎ᠪᠠᠷ ᠲᠠᠮᠵᠢᠵᠦ᠂ ᠬᠦᠮᠦᠰ᠎ᠲᠤ ᠦᠢᠯᠡᠴᠢᠯᠡᠭᠡ ᠬᠠᠩᠭᠠᠬᠤ᠎ᠪᠠᠷ ᠰᠡᠳᠤᠵᠦ ᠪᠠᠢᠬᠤ ᠪᠤᠯᠬᠤᠷ ᠬᠡᠪᠴᠢᠶ᠎ᠠ᠎ᠨᠢ ᠦᠷᠬᠡᠨ᠂ ᠨᠦᠯᠦᠬᠡ ᠲᠤᠰᠭᠠᠯ ᠮᠠᠱᠢ ᠰᠠᠢᠨ ᠪᠠᠢᠬᠤ ᠬᠡᠵᠦ ᠪᠤᠳᠤᠵᠦ ᠪᠠᠢᠨ᠎ᠠ》 ᠬᠡᠵᠠᠢ᠃

 

 

 

 

 

  

    ᠰᠤᠷᠪᠤᠯᠵᠢᠯᠠᠭᠴᠢ᠄ ᠡᠷᠳᠡᠨᠢᠪᠤᠯᠠᠭ   ᠲᠡᠷᠭᠡᠯ

    ᠲᠥᠪ᠎ᠦᠨ ᠲᠸᠯᠸᠢᠰ ᠬᠤᠷᠢᠶ᠎ᠠ᠂ ᠳᠤᠮᠳᠠᠳᠤ ᠤᠯᠤᠰ᠎ᠤᠨ ᠰᠦᠯᠵᠢᠶᠡᠨ᠎ᠤ ᠲᠸᠯᠸᠢᠰ᠎ᠠᠴᠠ ᠱᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604