ᠤᠯᠠᠨ ᠤᠯᠤᠰ᠎ᠤᠨ ᠮᠣᠩᠭᠤᠯ ᠰᠤᠷᠪᠤᠯᠵᠢ ᠪᠢᠴᠢᠭ᠎ᠤᠨ ᠰᠤᠳᠤᠯᠤᠯ᠎ᠤᠨ ᠲᠥᠪ ᠪᠠᠢᠭᠤᠯᠤᠭᠳᠠᠯ᠎ᠠ
2019.10.25

   《ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠣᠩᠭᠤᠯ ᠰᠤᠳᠤᠯᠤᠯ᠎ᠤᠨ ᠳᠡᠭᠡᠲᠦ ᠰᠤᠷᠭᠠᠭᠤᠯᠢ᠎ᠶᠢᠨ ᠤᠯᠠᠨ ᠤᠯᠤᠰ᠎ᠤᠨ ᠮᠣᠩᠭᠤᠯ ᠰᠤᠷᠪᠤᠯᠵᠢ ᠪᠢᠴᠢᠭ᠎ᠤᠨ ᠰᠤᠳᠤᠯᠤᠯ᠎ᠤᠨ ᠲᠥᠪ》 ᠪᠠᠢᠭᠤᠯᠤᠭᠳᠠᠬᠤ ᠶᠣᠰᠤᠯᠠᠯ 2019 ᠤᠨ᠎ᠤ 10 ᠰᠠᠷ᠎ᠠ᠎ᠶᠢᠨ 25᠎ᠤ ᠡᠳᠦᠷ᠂ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠤᠳᠭ᠎ᠠ ᠵᠣᠬᠢᠶᠠᠯ᠎ᠤᠨ ᠣᠷᠳᠤᠨ᠎ᠳᠤ ᠶᠠᠪᠤᠭᠳᠠᠪᠠ᠃ ᠤᠭ ᠬᠤᠷᠠᠯ᠎ᠢ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠣᠩᠭᠤᠯ ᠰᠤᠳᠤᠯᠤᠯ᠎ᠤᠨ ᠳᠡᠭᠡᠲᠦ ᠰᠤᠷᠭᠠᠭᠤᠯᠢ ᠭᠣᠤᠯᠯᠠᠨ ᠡᠷᠬᠢᠯᠡᠵᠤ᠂ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠣᠩᠭᠤᠯ ᠰᠤᠳᠤᠯᠤᠯ᠎ᠤᠨ ᠳᠡᠭᠡᠲᠤ ᠰᠤᠷᠭᠠᠭᠤᠯᠢ᠎ᠶᠢᠨ ᠮᠣᠩᠭᠤᠯ ᠬᠡᠯᠡ ᠤᠳᠭ᠎ᠠ ᠵᠣᠬᠢᠶᠠᠯ ᠰᠤᠳᠤᠯᠬᠤ ᠭᠠᠵᠠᠷ᠂ ᠮᠣᠩᠭᠤᠯ ᠰᠤᠳᠤᠯᠤᠯ᠎ᠤᠨ ᠤᠯᠠᠨ ᠤᠯᠤᠰ᠎ᠤᠨ ᠱᠢᠨᠵᠢᠯᠡᠭᠡᠨ᠎ᠤ ᠲᠥᠪ ᠳᠠᠭᠠᠭᠠᠴᠢᠯᠡᠨ ᠡᠷᠬᠢᠯᠡᠵᠡᠢ᠃

  ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠸᠠᠩ ᠯᠠᠢ ᠰᠢ᠂ ᠮᠣᠩᠭᠤᠯ ᠰᠤᠳᠤᠯᠤᠯ᠎ᠤᠨ ᠳᠡᠭᠡᠲᠤ ᠰᠤᠷᠭᠠᠭᠤᠯᠢ᠎ᠶᠢᠨ ᠵᠠᠬᠢᠷᠤᠯ ᠳᠤᠷᠤᠨᠠᠲ᠋ᠡᠭᠷᠢ᠂ ᠨᠠᠮ᠎ᠤᠨ ᠶᠡᠷᠦᠩᠬᠡᠢ ᠡᠭᠦᠷ᠎ᠦᠨ ᠱᠦᠵᠢ ᠪᠠᠢ ᠪᠤᠤ ᠴᠸᠩ᠂ ᠳᠡᠳ᠋ ᠵᠠᠬᠢᠷᠤᠯ᠂ ᠨᠠᠮ᠎ᠤᠨ ᠡᠭᠦᠷ᠎ᠦᠨ ᠳᠡᠳ᠋ ᠱᠦᠵᠢ ᠤᠷᠠᠨᠴᠢᠮᠡᠭ᠂ ᠳᠡᠳ᠋ ᠵᠠᠬᠢᠷᠤᠯ ᠵᠢᠦᠢ ᠪᠤᠤ᠂ ᠲᠥᠪ᠎ᠦᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠴᠦ᠋ᠬᠡᠨ ᠲᠣᠭᠠᠲᠤ ᠦᠨᠳᠦᠰᠦᠲᠡᠨ᠎ᠤ ᠬᠡᠯᠡ ᠤᠳᠭ᠎ᠠ ᠵᠣᠬᠢᠶᠠᠯ᠎ᠤᠨ ᠳᠡᠭᠡᠲᠤ ᠰᠤᠷᠭᠠᠭᠤᠯᠢ᠎ᠶᠢᠨ ᠫᠷᠤᠹᠧᠰᠰᠤᠷ ᠮᠢᠩᠭᠠᠳ ᠡᠷᠳᠡᠮᠲᠦ᠂ ᠮᠣᠩᠭᠤᠯ ᠤᠯᠤᠰ᠎ᠤᠨ ᠱᠢᠨᠵᠢᠯᠡᠬᠦ ᠤᠬᠠᠭᠠᠨ᠎ᠤ ᠠᠺᠠᠳᠧᠮᠢ᠎ᠶᠢᠨ ᠲᠡᠤᠬᠡ ᠠᠷᠬᠢᠯᠤᠬᠢ᠎ᠶᠢᠨ ᠬᠦᠷᠢᠶᠡᠯᠡᠩ᠎ᠦᠨ ᠵᠠᠬᠢᠷᠤᠯ᠂ ᠠᠺᠠᠳᠧᠮᠢᠴᠢ᠂ ᠤᠯᠠᠨ ᠤᠯᠤᠰ᠎ᠤᠨ ᠮᠣᠩᠭᠤᠯ ᠰᠤᠳᠤᠯᠤᠯ᠎ᠤᠨ ᠨᠡᠢᠭᠡᠮᠯᠢᠭ᠎ᠦᠨ ᠨᠠᠷᠢᠨ ᠪᠢᠴᠢᠭ᠎ᠤᠨ ᠳᠠᠷᠤᠭ᠎ᠠ ᠰ᠊·ᠴᠢᠯᠠᠭᠤᠨ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠮᠣᠩᠭᠤᠯ ᠰᠤᠳᠤᠯᠤᠯ᠎ᠤᠨ ᠲᠥᠪ᠎ᠦᠨ ᠡᠷᠬᠢᠯᠡᠭᠴᠢ ᠨᠠᠷᠠᠰᠤ᠂ ᠥᠪᠦᠷ ᠮᠣᠩᠭᠤᠯ᠎ᠤᠨ ᠴᠦ᠋ᠬᠡᠨ ᠲᠣᠭᠠᠲᠤ ᠦᠨᠳᠦᠰᠦᠲᠡᠨ᠎ᠤ ᠡᠷᠲᠡᠨ᠎ᠤ ᠰᠤᠷᠪᠤᠯᠵᠢ ᠪᠢᠴᠢᠭ ᠪᠣᠯᠤᠨ 《ᠬᠡᠰᠡᠷ》᠎ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ᠎ᠤᠨ ᠡᠷᠬᠢᠯᠡᠭᠴᠢ ᠰᠣᠶᠤᠯᠲᠤ ᠪᠠ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠣᠩᠭᠤᠯ ᠰᠤᠳᠤᠯᠤᠯ᠎ᠤᠨ ᠳᠡᠭᠡᠲᠤ ᠰᠤᠷᠭᠠᠭᠤᠯᠢ᠎ᠶᠢᠨ ᠪᠦᠬᠦ ᠪᠠᠭᠱᠢ ᠵᠢᠴᠢ ᠰᠤᠳᠤᠯᠬᠤ ᠰᠤᠷᠤᠭᠴᠢᠳ 100 ᠭᠠᠷᠤᠢ ᠬᠥᠮᠦᠨ ᠶᠣᠰᠤᠯᠠᠯ᠎ᠳᠤ ᠣᠷᠤᠯᠴᠠᠪᠠ᠃

  ᠳᠤᠷᠤᠨᠠᠲ᠋ᠡᠭᠷᠢ ᠫᠷᠤᠹᠧᠰᠰᠤᠷ ᠲᠥᠪ ᠪᠠᠢᠭᠤᠯᠤᠭᠳᠠᠬᠤ ᠶᠣᠰᠤᠯᠠᠯ᠎ᠢ ᠡᠷᠬᠢᠯᠡᠵᠦ᠂ ᠰ᠊·ᠴᠢᠯᠠᠭᠤᠨ ᠪᠠ ᠸᠠᠩ ᠯᠠᠢ ᠰᠢ ᠤᠭ ᠲᠥᠪ᠎ᠦᠨ ᠫᠠᠢᠰᠠ᠎ᠶᠢ ᠡᠯᠭᠦᠭᠰᠡᠨ᠎ᠤ ᠬᠠᠮᠲᠤ ᠮᠢᠩᠭᠠᠳ ᠡᠷᠳᠡᠮᠲᠦ ᠫᠷᠤᠹᠧᠰᠰᠤᠷ᠎ᠲᠤ ᠤᠭ ᠲᠥᠪ᠎ᠦᠨ ᠡᠷᠬᠢᠯᠡᠭᠴᠢ᠎ᠶᠢᠨ ᠲᠣᠮᠢᠯᠠᠯ᠎ᠤᠨ ᠪᠢᠴᠢᠭ᠎ᠢ ᠭᠠᠷᠲᠠᠭᠤᠯᠪᠠ᠃ ᠶᠣᠰᠤᠯᠠᠯ᠎ᠤᠨ ᠠᠷᠭ᠎ᠠ ᠬᠡᠮᠵᠢᠶ᠎ᠡ᠎ᠶᠢᠨ ᠳᠠᠷᠤᠭ᠎ᠠ ᠠᠺᠠᠳᠧᠮᠢᠴᠢ ᠰ᠊·ᠴᠢᠯᠠᠭᠤᠨ 《ᠮᠣᠩᠭᠤᠯ ᠰᠤᠷᠪᠤᠯᠵᠢ ᠪᠢᠴᠢᠭ᠎ᠢ ᠬᠥᠭᠵᠢᠭᠦᠯᠬᠦ ᠣᠨᠤᠯ ᠦᠵᠡᠯ ᠪᠠᠷᠢᠮᠳᠠᠯᠠᠯ ᠪᠠ ᠮᠣᠩᠭᠤᠯ ᠰᠤᠳᠤᠯᠤᠯ》 ᠭᠡᠬᠦ ᠰᠡᠳᠦᠪ᠎ᠢᠶᠡᠷ᠂ ᠮᠢᠩᠭᠠᠳ ᠡᠷᠳᠡᠮᠲᠦ ᠫᠷᠤᠹᠧᠰᠰᠤᠷ 《ᠳᠤᠮᠳᠠᠳᠤ ᠤᠯᠤᠰ᠎ᠲᠤ ᠬᠠᠳᠠᠭᠠᠯᠠᠭᠳᠠᠵᠤ ᠪᠠᠢᠭ᠎ᠠ ᠠᠷᠪᠠᠨ ᠨᠠᠢ᠍ᠮᠠᠳᠤᠭᠠᠷ ᠵᠠᠭᠤᠨ᠎ᠤ ᠲᠣᠳᠤ ᠦᠰᠦᠭ᠎ᠦᠨ ᠮᠣᠳᠤᠨ᠎ᠪᠠᠷ᠎ᠤᠨ ᠰᠤᠷᠪᠤᠯᠵᠢ ᠪᠢᠴᠢᠭ᠎ᠤᠨ ᠲᠤᠬᠠᠢ》 ᠭᠡᠬᠦ ᠰᠡᠳᠦᠪ᠎ᠢᠶᠡᠷ ᠲᠤᠰ ᠲᠤᠰ ᠭᠣᠤᠯ ᠰᠡᠳᠦᠪᠲᠦ ᠡᠷᠳᠡᠮ ᠱᠢᠨᠵᠢᠯᠡᠭᠡᠨ᠎ᠤ ᠢᠯᠡᠳᠭᠡᠯ ᠬᠢᠭᠰᠡᠨ ᠪᠠᠢᠨ᠎ᠠ᠃

  ᠲᠤᠰ ᠲᠥᠪ᠎ᠨᠢ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠰᠣᠩᠭᠤᠳᠠᠭ ᠰᠤᠳᠤᠯᠤᠯ᠎ᠤᠨ ᠪᠦᠲᠦᠭᠡᠨ ᠪᠠᠢᠭᠤᠯᠤᠯᠲᠠ᠂ ᠤᠯᠠᠨ ᠤᠯᠤᠰ᠎ᠤᠨ ᠮᠣᠩᠭᠤᠯ ᠰᠤᠳᠤᠯᠤᠯ᠎ᠤᠨ ᠰᠣᠩᠭᠤᠳᠠᠭ ᠰᠤᠳᠤᠯᠤᠯ᠎ᠤᠨ ᠪᠦᠲᠦᠭᠡᠨ ᠪᠠᠢᠭᠤᠯᠤᠯᠲᠠ᠂ ᠥᠪᠦᠷ ᠮᠣᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠵᠢᠭᠠᠨ ᠰᠤᠷᠭᠠᠯᠲᠠ ᠪᠠ ᠡᠷᠳᠡᠮ ᠱᠢᠵᠢᠯᠡᠭᠡᠨ᠎ᠳᠤ ᠦᠢᠯᠡᠴᠢᠯᠡᠵᠤ᠂ ᠳᠣᠤᠷᠠᠬᠢ ᠬᠡᠳᠦᠨ ᠲᠠᠯ᠎ᠠ᠎ᠶᠢᠨ ᠪᠤᠲᠠᠲᠠᠢ ᠠᠵᠢᠯ᠎ᠢ ᠥᠷᠨᠢᠭᠦᠯᠬᠦ᠎ᠪᠡᠷ ᠪᠠᠢᠨ᠎ᠠ᠃ ᠲᠤᠬᠠᠢᠯᠠᠪᠠᠯ᠂ 《ᠨᠢᠭᠡ ᠪᠦᠰᠡ ᠨᠢᠭᠡ ᠵᠠᠮ》 ᠳᠠᠭᠠᠤ ᠤᠯᠤᠰ ᠣᠷᠤᠨ᠎ᠤ ᠮᠣᠩᠭᠤᠯ ᠰᠤᠷᠪᠤᠯᠵᠢ ᠪᠢᠴᠢᠭ᠎ᠤᠨ ᠲᠣᠮᠤ ᠬᠡᠮᠵᠢᠶᠡᠨ᠎ᠤ ᠱᠢᠷᠢᠰ ᠵᠢᠷᠤᠭᠲᠤ ᠨᠣᠮ᠎ᠢ ᠲᠥᠰᠦᠪᠯᠡᠨ ᠬᠡᠪᠯᠡᠬᠦ; 《ᠨᠢᠭᠡ ᠪᠦᠰᠡ ᠨᠢᠭᠡ ᠵᠠᠮ》 ᠳᠠᠭᠠᠤ ᠤᠯᠤᠰ ᠣᠷᠤᠨ᠎ᠤ ᠮᠣᠩᠭᠤᠯ ᠰᠤᠷᠪᠤᠯᠵᠢ ᠪᠢᠴᠢᠭ᠎ᠤᠨ ᠰᠤᠳᠤᠯᠭᠠᠨ᠎ᠤ ᠲᠣᠮᠤ ᠬᠡᠮᠵᠢᠶᠡᠨ᠎ᠤ ᠱᠢᠷᠢᠰ ᠨᠣᠮ᠎ᠢ ᠲᠥᠰᠦᠪᠯᠡᠨ ᠬᠡᠪᠯᠡᠬᠦ; ᠤᠯᠠᠨ ᠤᠯᠤᠰ᠎ᠤᠨ ᠡᠷᠳᠡᠮ ᠱᠢᠨᠵᠢᠯᠡᠭᠡᠨ᠎ᠤ ᠬᠤᠷᠠᠯ᠂ ᠤᠯᠤᠰ᠎ᠤᠨ ᠳᠣᠲᠤᠭᠠᠳᠤ᠎ᠶᠢᠨ ᠡᠷᠳᠡᠮ ᠱᠢᠨᠵᠢᠯᠡᠭᠡᠨ᠎ᠤ ᠬᠤᠷᠠᠯ ᠪᠠ ᠥᠨᠳᠦᠷ ᠬᠢᠷᠢ ᠲᠦᠪᠱᠢᠨ᠎ᠤ ᠯᠸᠺᠼᠢ ᠵᠣᠬᠢᠶᠠᠨ ᠪᠠᠢᠭᠤᠯᠬᠤ;  ᠮᠣᠩᠭᠤᠯ ᠰᠤᠷᠪᠤᠯᠵᠢ ᠪᠢᠴᠢᠭ᠎ᠤᠨ ᠳ᠋ᠠᠢᠲ᠋ᠠ ᠬᠥᠮᠦᠷᠭᠡ ᠪᠠᠢᠭᠤᠯᠬᠤ; ⑸ ᠤᠯᠠᠨ ᠤᠯᠤᠰ᠎ᠤᠨ ᠮᠣᠩᠭᠤᠯ ᠰᠤᠳᠤᠯᠤᠯ᠎ᠤᠨ ᠬᠠᠮᠤᠭ᠎ᠤᠨ ᠲᠣᠮᠤ᠂ ᠬᠠᠮᠤᠭ᠎ᠤᠨ ᠰᠠᠭᠤᠷᠢ᠎ᠶᠢᠨ ᠴᠢᠨᠠᠷᠲᠠᠢ ᠱᠢᠷᠢᠰ ᠨᠣᠮ᠎ᠢ ᠲᠥᠰᠦᠪᠯᠡᠨ ᠬᠡᠪᠯᠡᠬᠦ᠎ᠪᠠᠷ ᠪᠠᠢᠨ᠎ᠠ᠃

 

 

 

 

  ᠡᠬᠡ ᠪᠢᠴᠢᠭ᠎ᠢ ᠬᠠᠩᠭᠠᠭᠴᠢ᠄ ᠮᠠᠨᠤᠬᠤᠸᠠᠷ

  ᠰᠡᠭᠦᠳᠡᠷᠯᠡᠭᠴᠢ᠄ ᠪᠠᠢ ᠢᠦᠢ ᠺᠦᠨ

  ᠲᠥᠪ ᠲᠸᠯᠸᠢᠰ᠎ᠤᠨ ᠮᠣᠩᠭᠤᠯ ᠰᠦᠯᠵᠢᠶᠡᠨ᠎ᠡᠴᠡ ᠱᠢᠯᠵᠢᠭᠦᠯᠦᠨ ᠨᠡᠢᠳᠡᠯᠡᠪᠡ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604