ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠲᠠᠪᠤᠳᠤᠭᠠᠷ ᠪᠦᠯᠦᠭ)
2019.11.04

   (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ> ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠲᠠᠪᠤᠳᠤᠭᠠᠷ ᠪᠦᠯᠦᠭ   ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ

 

  ᠭᠤᠴᠢᠨ ᠳᠥᠷᠪᠡᠳᠦᠭᠡᠷ ᠵᠦᠢᠯ   ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯ᠎ᠢ ᠰᠤᠷᠭᠠᠨ ᠬᠥᠮᠦᠵᠢᠯ᠎ᠦᠨ ᠵᠢᠮ᠎ᠡ ᠶᠣᠰᠤ ᠪᠣᠯᠤᠨ ᠰᠤᠷᠤᠭᠴᠢᠳ᠎ᠤᠨ ᠪᠡᠶ᠎ᠡ ᠰᠡᠳᠭᠢᠯ᠎ᠦᠨ ᠬᠥᠭᠵᠢᠯᠲᠡ᠎ᠶᠢᠨ ᠣᠨᠴᠠᠯᠢᠭ᠎ᠲᠠᠢ ᠨᠡᠢᠴᠡᠭᠦᠯᠵᠦ᠂ ᠪᠦᠬᠦ ᠰᠤᠷᠤᠭᠴᠢᠳ᠎ᠲᠤ ᠴᠢᠭᠯᠡᠭᠦᠯᠵᠦ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠵᠦ᠂ ᠶᠣᠰᠤ ᠮᠣᠷᠠᠯ᠎ᠤᠨ ᠬᠥᠮᠦᠵᠢᠯ᠂ ᠣᠶᠤᠨ ᠤᠬᠠᠭᠠᠨ᠎ᠤ ᠬᠥᠮᠦᠵᠢᠯ᠂ ᠪᠡᠶ᠎ᠡ᠎ᠶᠢᠨ ᠲᠠᠮᠢᠷ᠎ᠤᠨ ᠬᠥᠮᠦᠵᠢᠯ᠂ ᠭᠤᠸ᠎ᠠ ᠰᠠᠢᠬᠠᠨ᠎ᠤ ᠬᠥᠮᠦᠵᠢᠯ ᠵᠡᠷᠭᠡ᠎ᠶᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ᠎ᠶᠢᠨ ᠳᠤᠮᠳᠠ ᠣᠷᠭᠠᠨᠢᠭ᠎ᠢᠶᠠᠷ ᠨᠢᠭᠡᠳᠭᠡᠵᠦ᠂ ᠰᠤᠷᠤᠭᠴᠢᠳ᠎ᠤᠨ ᠪᠡᠶ᠎ᠡ᠎ᠪᠡᠨ ᠳᠠᠭᠠᠭᠠᠵᠤ ᠰᠡᠳᠭᠢᠬᠦ ᠴᠢᠳᠠᠪᠤᠷᠢ᠂ ᠱ᠌ᠢᠨ᠎ᠡ᠎ᠶᠢ ᠡᠭᠦᠳᠬᠦ ᠴᠢᠳᠠᠪᠤᠷᠢ ᠪᠠ ᠦᠢᠯᠡᠳᠦᠯᠭᠡ ᠬᠢᠬᠦ ᠴᠢᠳᠠᠪᠤᠷᠢ᠎ᠶᠢ ᠴᠢᠬᠤᠯᠠᠴᠢᠯᠠᠨ ᠬᠥᠮᠦᠵᠢᠭᠦᠯᠵᠦ᠂ ᠰᠤᠷᠤᠭᠴᠢᠳ᠎ᠤᠨ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃

  ᠭᠤᠴᠢᠨ ᠲᠠᠪᠤᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠪᠡᠶ᠎ᠡ ᠰᠡᠳᠭᠢᠯ᠎ᠦᠨ ᠬᠥᠭᠵᠢᠯᠲᠡ᠎ᠶᠢᠨ ᠪᠠᠢᠳᠠᠯ ᠪᠠ ᠪᠣᠳᠠᠲᠠᠢ ᠪᠠᠢᠳᠠᠯ᠎ᠢ ᠦᠨᠳᠦᠰᠦᠯᠡᠵᠦ᠂ ᠵᠢᠭᠠᠨ ᠰᠤᠷᠭᠠᠬᠤ ᠳᠦᠷᠢᠮ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠬᠢᠴᠢᠶᠡᠯ᠎ᠦᠨ ᠲᠣᠬᠢᠷᠠᠭᠤᠯᠤᠯᠲᠠ᠎ᠶᠢ ᠲᠣᠭᠲᠠᠭᠠᠵᠤ᠂ ᠱ᠌ᠢᠯᠭᠠᠯᠲᠠ᠎ᠶᠢᠨ ᠳᠦᠷᠢᠮ᠎ᠢ ᠥᠭᠡᠷᠡᠴᠢᠯᠡᠬᠦ᠎ᠶᠢᠨ ᠬᠠᠮᠲᠤ ᠥᠨᠳᠦᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠭᠴᠢ ᠡᠯᠰᠡᠬᠦ ᠠᠷᠭ᠎ᠠ᠎ᠶᠢ ᠰᠠᠢᠵᠢᠷᠠᠭᠤᠯᠵᠤ᠂ ᠬᠡᠪ ᠴᠢᠨᠠᠷ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠬᠦ᠎ᠶᠢ ᠲᠦᠯᠬᠢᠨ ᠠᠬᠢᠭᠤᠯᠤᠨ᠎ᠠ᠃

  ᠰᠤᠷᠭᠠᠭᠤᠯᠢ ᠪᠣᠯᠤᠨ ᠪᠠᠭᠱ᠌ᠢ ᠲᠣᠭᠲᠠᠭᠠᠭᠰᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠭᠤᠯᠭ᠎ᠠ ᠪᠣᠯᠤᠨ ᠬᠢᠴᠢᠶᠡᠯ᠎ᠦᠨ ᠲᠣᠬᠢᠷᠠᠭᠤᠯᠤᠯᠲᠠ ᠶᠣᠰᠤᠭᠠᠷ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ᠎ᠪᠠᠨ ᠥᠷᠨᠢᠭᠦᠯᠵᠦ᠂ ᠤᠯᠤᠰ᠎ᠠᠴᠠ ᠲᠣᠭᠲᠠᠭᠠᠭᠰᠠᠨ ᠦᠨᠳᠦᠰᠦᠨ ᠶᠠᠰᠤ ᠴᠢᠨᠠᠷ᠎ᠤᠨ ᠱᠠᠭᠠᠷᠳᠠᠯᠭ᠎ᠠ᠎ᠳᠤ ᠬᠦᠷᠭᠡᠬᠦ᠎ᠶᠢ ᠪᠠᠲᠤᠯᠠᠨ᠎ᠠ᠃

  ᠰᠤᠷᠭᠠᠭᠤᠯᠢ ᠪᠠ ᠪᠠᠭᠱ᠌ᠢ᠎ᠶᠢᠨ ᠰᠡᠩᠬᠡᠷᠡᠭᠦᠯᠬᠦ ᠮᠠᠶᠢᠭ᠎ᠤᠨ ᠰᠤᠷᠭᠠᠨ ᠬᠥᠮᠦᠵᠢᠯ ᠵᠡᠷᠭᠡ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠷᠭ᠎ᠠ᠎ᠪᠠᠷ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ᠎ᠢᠶᠠᠨ ᠳᠡᠭᠡᠭᠱ᠌ᠢᠯᠡᠭᠦᠯᠬᠦ᠎ᠶᠢ ᠤᠯᠤᠰ᠎ᠠᠴᠠ ᠵᠣᠷᠢᠭᠵᠢᠭᠤᠯᠤᠨ᠎ᠠ᠃

  ᠭᠤᠴᠢᠨ ᠵᠢᠷᠭᠤᠳᠤᠭᠠᠷ ᠵᠦᠢᠯ   ᠰᠤᠷᠭᠠᠭᠤᠯᠢ᠎ᠠᠴᠠ ᠶᠣᠰᠤ ᠮᠣᠷᠠᠯ᠎ᠤᠨ ᠬᠥᠮᠦᠵᠢᠯ᠎ᠢ ᠲᠡᠷᠢᠭᠦᠨ᠎ᠳᠦ ᠲᠠᠯᠪᠢᠵᠤ᠂ ᠶᠣᠰᠤ ᠮᠣᠷᠠᠯ᠎ᠤᠨ ᠬᠥᠮᠦᠵᠢᠯ᠎ᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠠᠵᠢᠯ᠎ᠳᠤ ᠠᠬᠤᠭᠤᠯᠵᠤ᠂ ᠰᠤᠷᠤᠭᠴᠢᠳ᠎ᠤᠨ ᠨᠠᠰᠤᠨ᠎ᠳᠤ ᠲᠣᠬᠢᠷᠠᠭᠰᠠᠨ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠵᠦ᠂ ᠰᠤᠷᠭᠠᠭᠤᠯᠢ᠂ ᠭᠡᠷ ᠪᠦᠯᠢ᠂ ᠨᠡᠢᠭᠡᠮ᠎ᠢᠶᠡᠷ᠎ᠢᠶᠡᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠣᠰᠤ ᠮᠣᠷᠠᠯ᠎ᠤᠨ ᠬᠥᠮᠦᠵᠢᠯ᠎ᠦᠨ ᠱ᠌ᠢᠰᠲᠧᠮ᠎ᠢ ᠪᠦᠷᠢᠯᠳᠦᠭᠦᠯᠵᠦ᠂ ᠰᠤᠷᠤᠭᠴᠢᠳ᠎ᠤᠨ ᠰᠠᠢᠨ ᠰᠠᠢᠬᠠᠨ ᠦᠵᠡᠯ ᠰᠠᠨᠠᠭ᠎ᠠ ᠵᠠᠩ ᠮᠣᠷᠠᠯ ᠪᠠ ᠦᠢᠯᠡ ᠠᠵᠢᠯᠯᠠᠭ᠎ᠠ᠎ᠶᠢᠨ ᠵᠠᠩ ᠳᠠᠳᠭᠠᠯ᠎ᠲᠠᠢ ᠪᠣᠯᠬᠤ᠎ᠶᠢ ᠠᠬᠢᠭᠤᠯᠬᠤ ᠬᠡᠷᠡᠭᠲᠡᠢ᠃

  ᠭᠤᠴᠢᠨ ᠳᠣᠯᠤᠳᠤᠭᠠᠷ ᠵᠦᠢᠯ   ᠰᠤᠷᠭᠠᠭᠤᠯᠢ᠎ᠠᠴᠠ ᠰᠤᠷᠤᠭᠴᠢᠳ᠎ᠤᠨ ᠬᠢᠴᠢᠶᠡᠯ᠎ᠦᠨ ᠭᠠᠳᠠᠨᠠᠬᠢ ᠬᠥᠳᠡᠯᠭᠡᠭᠡᠨ᠎ᠦ ᠴᠠᠭ᠎ᠢ ᠪᠠᠲᠤᠯᠠᠵᠤ᠂ ᠰᠣᠶᠤᠯ ᠴᠡᠩᠭᠡᠯ ᠵᠡᠷᠭᠡ ᠬᠢᠴᠢᠶᠡᠯ᠎ᠦᠨ ᠭᠠᠳᠠᠨᠠᠬᠢ ᠬᠥᠳᠡᠯᠭᠡᠭᠡᠨ᠎ᠢ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ᠃ ᠨᠡᠢᠭᠡᠮ᠎ᠦᠨ ᠣᠯᠠᠨ ᠨᠡᠢᠲᠡ᠎ᠶᠢᠨ ᠰᠣᠶᠤᠯ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠨᠢ ᠰᠤᠷᠭᠠᠭᠤᠯᠢ᠎ᠶᠢᠨ ᠬᠢᠴᠢᠶᠡᠯ᠎ᠦᠨ ᠭᠠᠳᠠᠨᠠᠬᠢ ᠬᠥᠳᠡᠯᠭᠡᠭᠡᠨ᠎ᠢ ᠥᠷᠨᠢᠭᠦᠯᠬᠦ᠎ᠳᠦ ᠳᠥᠭᠦᠮ ᠦᠵᠡᠭᠦᠯᠬᠦ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ   ᠬᠢᠴᠢᠶᠡᠯ᠎ᠦᠨ ᠪᠢᠴᠢᠭ᠎ᠢ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ ᠪᠠ ᠬᠢᠴᠢᠶᠡᠯ᠎ᠦᠨ ᠪᠠᠷᠢᠮᠵᠢᠶ᠎ᠠ᠎ᠶᠢ ᠦᠨᠳᠦᠰᠦᠯᠡᠵᠦ ᠨᠠᠢᠷᠠᠭᠤᠯᠤᠨ ᠪᠢᠴᠢᠵᠦ᠂ ᠠᠭᠤᠯᠭ᠎ᠠ᠎ᠶᠢ᠎ᠨᠢ ᠠᠯᠢ ᠪᠣᠯᠬᠤ᠎ᠪᠠᠷ ᠱ᠌ᠢᠯᠢᠳᠡᠭᠵᠢᠭᠦᠯᠦᠨ ᠴᠣᠮᠬᠠᠳᠭᠠᠵᠤ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠠ ᠴᠢᠳᠠᠪᠤᠷᠢ᠎ᠶᠢ ᠱ᠌ᠢᠯᠢᠨ ᠰᠣᠩᠭᠤᠵᠤ᠂ ᠬᠢᠮᠳᠠᠬᠠᠨ ᠪᠥᠭᠡᠳ ᠪᠣᠳᠠᠲᠤ ᠬᠡᠷᠡᠭᠴᠡᠭᠡ᠎ᠲᠡᠢ ᠪᠠᠢᠯᠭᠠᠵᠤ᠂ ᠶᠠᠰᠤ ᠴᠢᠨᠠᠷ᠎ᠢ ᠪᠠᠲᠤᠯᠠᠨ᠎ᠠ᠃

  ᠲᠥᠷᠦ᠎ᠶᠢᠨ ᠪᠠᠢᠭᠤᠯᠭ᠎ᠠ᠎ᠶᠢᠨ ᠠᠵᠢᠯᠲᠠᠨ ᠪᠣᠯᠤᠨ ᠬᠢᠴᠢᠶᠡᠯ᠎ᠦᠨ ᠪᠢᠴᠢᠭ᠎ᠢ ᠬᠢᠨᠠᠨ ᠪᠠᠢᠴᠠᠭᠠᠬᠤ ᠠᠵᠢᠯᠲᠠᠨ ᠬᠢᠴᠢᠶᠡᠯ᠎ᠦᠨ ᠪᠢᠴᠢᠭ᠎ᠢ ᠨᠠᠢᠷᠠᠭᠤᠯᠤᠨ ᠪᠢᠴᠢᠬᠦ ᠠᠵᠢᠯ᠎ᠳᠤ ᠣᠷᠤᠯᠴᠠᠬᠤ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠣᠷᠤᠯᠴᠠᠵᠤ ᠪᠣᠯᠬᠤ᠎ᠦᠭᠡᠢ᠃

  ᠭᠤᠴᠢ ᠶᠢᠰᠦᠳᠦᠭᠡᠷ ᠵᠦᠢᠯ   ᠤᠯᠤᠰ᠎ᠠᠴᠠ ᠬᠢᠴᠢᠶᠡᠯ᠎ᠦᠨ ᠪᠢᠴᠢᠭ᠎ᠢ ᠬᠢᠨᠠᠨ ᠲᠣᠭᠲᠠᠭᠠᠬᠤ ᠳᠦᠷᠢᠮ᠎ᠢ ᠬᠡᠷᠡᠭᠵᠢᠭᠦᠯᠦᠨ᠎ᠡ᠃ ᠬᠢᠴᠢᠶᠡᠯ᠎ᠦᠨ ᠪᠢᠴᠢᠭ᠎ᠢ ᠬᠢᠨᠠᠨ ᠲᠣᠭᠲᠠᠭᠠᠬᠤ ᠠᠷᠭ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠲᠣᠭᠲᠠᠭᠠᠨ᠎ᠠ᠃

  ᠬᠢᠨᠠᠨ ᠲᠣᠭᠲᠠᠭᠠᠭᠰᠠᠨ᠎ᠦᠭᠡᠢ ᠬᠢᠴᠢᠶᠡᠯ᠎ᠦᠨ ᠪᠢᠴᠢᠭ᠎ᠢ ᠬᠡᠪᠯᠡᠵᠦ᠂ ᠰᠣᠩᠭᠤᠨ ᠬᠡᠷᠡᠭᠯᠡᠵᠦ ᠪᠣᠯᠬᠤ᠎ᠦᠭᠡᠢ᠃

  ᠳᠥᠴᠢᠳᠦᠭᠡᠷ ᠵᠦᠢᠯ   ᠬᠢᠴᠢᠶᠡᠯ᠎ᠦᠨ ᠪᠢᠴᠢᠭ᠎ᠦᠨ ᠦᠨ᠎ᠡ᠎ᠶᠢ ᠮᠣᠵᠢ᠂ ᠥᠪᠡᠷᠲᠡᠭᠡᠨ ᠵᠠᠰᠠᠬᠤ ᠣᠷᠤᠨ᠂ ᠱ᠌ᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠤ ᠦᠨ᠎ᠡ ᠬᠠᠩᠱ᠌ᠢ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠠᠳᠠᠯᠢ ᠱᠠᠲᠤᠨ᠎ᠤ ᠬᠡᠪᠯᠡᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠡᠢ ᠬᠠᠮᠲᠤᠷᠠᠨ ᠵᠢᠭᠠᠬᠠᠨ ᠠᠱ᠌ᠢᠭ ᠬᠣᠨᠵᠢᠪᠤᠷᠢ᠎ᠲᠠᠢ ᠪᠠᠢᠯᠭᠠᠬᠤ ᠵᠠᠷᠴᠢᠮ᠎ᠢᠶᠠᠷ ᠲᠣᠭᠲᠠᠭᠠᠨ᠎ᠠ᠃

  ᠳᠥᠴᠢᠨ ᠨᠢᠭᠡᠳᠦᠭᠡᠷ ᠵᠦᠢᠯ   ᠬᠢᠴᠢᠶᠡᠯ᠎ᠦᠨ ᠪᠢᠴᠢᠭ᠎ᠢ ᠡᠭᠡᠯᠵᠢᠯᠡᠨ ᠬᠡᠷᠡᠭᠯᠡᠬᠦ᠎ᠶᠢ ᠤᠯᠤᠰ᠎ᠠᠴᠠ ᠵᠣᠷᠢᠭᠵᠢᠭᠤᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604