ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠳᠣᠯᠤᠳᠤᠭᠠᠷ ᠪᠦᠯᠦᠭ᠂ ᠨᠠᠢ᠍ᠮᠠᠳᠤᠭᠠᠷ ᠪᠦᠯᠦᠭ)
2019.11.04

  

   (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉 ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠳᠣᠯᠤᠳᠤᠭᠠᠷ ᠪᠦᠯᠦᠭ   ᠬᠠᠤᠯᠢ᠎ᠶᠢᠨ ᠬᠠᠷᠢᠭᠤᠴᠠᠯᠭ᠎ᠠ

 

  ᠲᠠᠪᠢᠨ ᠨᠢᠭᠡᠳᠦᠭᠡᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠤᠰ ᠬᠠᠤᠯᠢ᠎ᠶᠢᠨ ᠵᠢᠷᠭᠤᠳᠤᠭᠠᠷ ᠪᠦᠯᠦᠭ᠎ᠦᠨ ᠲᠣᠭᠲᠠᠭᠠᠯ᠎ᠢ ᠵᠥᠷᠢᠴᠡᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠰᠡᠨ᠎ᠦᠭᠡᠢ ᠪᠠᠢᠪᠠᠯ᠂ ᠲᠥᠷᠦ᠎ᠶᠢᠨ ᠶᠠᠪᠤᠳᠠᠯ᠎ᠤᠨ ᠬᠣᠷᠢᠶ᠎ᠠ ᠪᠤᠶᠤ ᠳᠡᠭᠡᠳᠦ ᠱᠠᠲᠤᠨ᠎ᠤ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ᠃

  ᠲᠠᠪᠢᠨ ᠬᠣᠶᠠᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠳᠤ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠠ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ᠄

  (ᠨᠢᠭᠡ) ᠰᠤᠷᠭᠠᠭᠤᠯᠢ ᠪᠠᠢᠭᠤᠯᠬᠤ ᠲᠥᠯᠦᠪᠵᠢᠭᠦᠯᠭᠡ᠎ᠶᠢ ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠲᠣᠭᠲᠠᠭᠠᠵᠤ᠂ ᠲᠣᠬᠢᠷᠠᠭᠤᠯᠤᠭᠰᠠᠨ᠎ᠦᠭᠡᠢ ᠪᠠᠢᠬᠤ;

  (ᠬᠣᠶᠠᠷ) ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠨᠢ ᠤᠯᠤᠰ᠎ᠠᠴᠠ ᠲᠣᠭᠲᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠠ᠂ ᠭᠠᠵᠠᠷ ᠰᠣᠩᠭᠤᠬᠤ ᠱᠠᠭᠠᠷᠳᠠᠯᠭ᠎ᠠ ᠪᠣᠯᠤᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠳᠤ ᠨᠡᠢᠴᠡᠭᠰᠡᠨ᠎ᠦᠭᠡᠢ ᠪᠠᠢᠬᠤ;

  (ᠭᠤᠷᠪᠠ) ᠰᠤᠷᠭᠠᠭᠤᠯᠢ᠎ᠶᠢᠨ ᠪᠠᠢᠷᠢ᠎ᠶᠢᠨ ᠠᠶᠤᠯᠭᠦᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠭᠰᠠᠨ᠎ᠦᠭᠡᠢ ᠪᠥᠭᠡᠳ ᠴᠠᠭ ᠲᠤᠬᠠᠢ᠎ᠳᠤ᠎ᠨᠢ ᠰᠡᠯᠪᠢᠨ ᠵᠠᠰᠠᠵᠤ᠂ ᠥᠭᠡᠷᠡᠴᠢᠯᠡᠭᠰᠡᠨ᠎ᠦᠭᠡᠢ ᠪᠠᠢᠬᠤ;

  (ᠳᠥᠷᠪᠡ) ᠲᠤᠰ ᠬᠠᠤᠯᠢ᠎ᠶᠢᠨ ᠲᠣᠭᠲᠠᠭᠠᠯ ᠶᠣᠰᠤᠭᠠᠷ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠲᠡᠩᠴᠡᠭᠦᠷᠢᠲᠡᠢ ᠲᠣᠬᠢᠷᠠᠭᠤᠯᠤᠭᠰᠠᠨ᠎ᠦᠭᠡᠢ ᠪᠠᠢᠬᠤ᠃

  ᠲᠠᠪᠢᠨ ᠭᠤᠷᠪᠠᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠪᠤᠶᠤ ᠲᠡᠭᠦᠨ᠎ᠦ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠪᠤᠶᠤ ᠲᠡᠭᠦᠨ᠎ᠦ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠵᠠᠷᠯᠠᠨ ᠱᠢᠭᠦᠮᠵᠢᠯᠡᠨ᠎ᠡ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ᠄

  (ᠨᠢᠭᠡ) ᠰᠤᠷᠭᠠᠭᠤᠯᠢ᠎ᠶᠢ ᠭᠣᠣᠯᠳᠠᠯᠭᠠᠲᠤ ᠰᠤᠷᠭᠠᠭᠤᠯᠢ ᠪᠣᠯᠤᠨ ᠭᠣᠣᠯᠳᠠᠯᠭᠠᠲᠤ ᠪᠤᠰᠤ ᠰᠤᠷᠭᠠᠭᠤᠯᠢ ᠭᠡᠵᠦ ᠬᠤᠪᠢᠶᠠᠭᠰᠠᠨ;

  (ᠬᠣᠶᠠᠷ) ᠠᠯᠪᠠᠨ᠎ᠠᠴᠠ ᠡᠷᠬᠢᠯᠡᠭᠰᠡᠨ ᠰᠤᠷᠭᠠᠭᠤᠯᠢ᠎ᠶᠢᠨ ᠱᠢᠨᠵᠢ ᠴᠢᠨᠠᠷ᠎ᠢ ᠬᠤᠪᠢᠷᠠᠭᠤᠯᠤᠭᠰᠠᠨ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠬᠤᠪᠢᠷᠠᠭᠤᠯᠤᠭᠰᠠᠨ᠃

  ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠤᠶᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠠᠷᠭ᠎ᠠ ᠬᠡᠮᠵᠢᠶ᠎ᠡ ᠠᠪᠴᠤ ᠪᠠᠢᠭᠠᠳ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠰᠤᠷᠭᠠᠭᠤᠯᠢ᠎ᠳᠤ ᠣᠷᠤᠬᠤ᠎ᠶᠢ ᠵᠣᠬᠢᠶᠠᠨ ᠪᠠᠢᠭᠤᠯᠤᠭᠰᠠᠨ᠎ᠦᠭᠡᠢ ᠪᠤᠶᠤ ᠰᠤᠷᠤᠯᠭ᠎ᠠ᠎ᠪᠠᠨ ᠳᠣᠷᠭᠤᠨ ᠵᠣᠭᠰᠤᠬᠤ᠎ᠶᠢ ᠬᠣᠷᠢᠭᠯᠠᠭᠰᠠᠨ᠎ᠦᠭᠡᠢ ᠪᠠᠢᠪᠠᠯ᠂ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠬᠠᠤᠯᠢ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠲᠠᠪᠢᠨ ᠳᠥᠷᠪᠡᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠪᠤᠶᠤ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠂ ᠦᠨ᠎ᠡ ᠬᠠᠩᠱᠢ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠤᠨ ᠬᠢᠨᠠᠨ ᠪᠣᠳᠤᠬᠤ ᠪᠠᠢᠭᠤᠯᠭ᠎ᠠ᠎ᠠᠴᠠ ᠲᠤᠱᠢᠶᠠᠯ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠱᠢᠢᠳᠭᠡᠯ ᠥᠭᠭᠦᠨ᠎ᠡ᠄

  (ᠨᠢᠭᠡ) ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ ᠡᠵᠡᠯᠡᠨ ᠠᠪᠤᠭᠰᠠᠨ ᠪᠤᠶᠤ ᠨᠡᠭᠦᠯᠭᠡᠨ ᠬᠡᠷᠡᠭᠯᠡᠭᠰᠡᠨ;

  (ᠬᠣᠶᠠᠷ) ᠰᠤᠷᠭᠠᠭᠤᠯᠢ᠎ᠠᠴᠠ ᠬᠠᠤᠯᠢ ᠪᠤᠰᠤ᠎ᠪᠠᠷ ᠰᠦᠢᠳᠭᠡᠯ ᠬᠤᠷᠢᠶᠠᠭᠰᠠᠨ ᠪᠤᠶᠤ ᠵᠠᠷᠤᠳᠠᠯ ᠲᠡᠰᠭᠡᠭᠰᠡᠨ᠃

  ᠲᠠᠪᠢᠨ ᠲᠠᠪᠤᠳᠤᠭᠠᠷ ᠵᠦᠢᠯ   ᠰᠤᠷᠭᠠᠭᠤᠯᠢ ᠪᠤᠶᠤ ᠪᠠᠭᠱᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠠᠵᠢᠯ᠎ᠤᠨ ᠳᠤᠮᠳᠠ᠎ᠪᠠᠨ ᠰᠤᠷᠭᠠᠨ ᠬᠥᠮᠦᠵᠢᠯ᠎ᠦᠨ ᠬᠠᠤᠯᠢ᠂ ᠪᠠᠭᠱᠢ᠎ᠶᠢᠨ ᠬᠠᠤᠯᠢ᠎ᠶᠢᠨ ᠲᠣᠭᠲᠠᠭᠠᠯ᠎ᠢ ᠵᠥᠷᠢᠴᠡᠭᠰᠡᠨ ᠪᠠᠢᠪᠠᠯ᠂ ᠰᠤᠷᠭᠠᠨ ᠬᠥᠮᠦᠵᠢᠯ᠎ᠦᠨ ᠬᠠᠤᠯᠢ᠂ ᠪᠠᠭᠱᠢ᠎ᠶᠢᠨ ᠬᠠᠤᠯᠢ᠎ᠶᠢᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠱᠢᠢᠳᠬᠡᠨ᠎ᠡ᠃

  ᠲᠠᠪᠢᠨ ᠵᠢᠷᠭᠤᠳᠤᠭᠠᠷ ᠵᠦᠢᠯ   ᠰᠤᠷᠭᠠᠭᠤᠯᠢ ᠤᠯᠤᠰ᠎ᠤᠨ ᠲᠣᠭᠲᠠᠭᠠᠯ᠎ᠢ ᠵᠥᠷᠢᠴᠡᠵᠦ ᠰᠦᠢᠳᠭᠡᠯ ᠬᠤᠷᠢᠶᠠᠭᠰᠠᠨ ᠪᠠᠢᠪᠠᠯ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠷᠢᠶᠠᠭᠰᠠᠨ ᠰᠦᠢᠳᠭᠡᠯ᠎ᠢ᠎ᠨᠢ ᠪᠤᠴᠠᠭᠠᠯᠭᠠᠨ᠎ᠠ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠱᠢᠢᠳᠭᠡᠯ ᠥᠭᠭᠦᠨ᠎ᠡ᠃

  ᠰᠤᠷᠭᠠᠭᠤᠯᠢ᠎ᠨᠢ ᠰᠤᠷᠤᠭᠴᠢᠳ᠎ᠲᠤ ᠲᠠᠸᠠᠷ᠂ ᠦᠢᠯᠡᠴᠢᠯᠡᠭᠡ᠎ᠶᠢ ᠪᠣᠷᠤᠯᠠᠭᠤᠯᠬᠤ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠪᠣᠷᠤᠯᠠᠭᠤᠯᠬᠤ ᠵᠡᠷᠭᠡ ᠠᠷᠭ᠎ᠠ ᠬᠡᠯᠪᠡᠷᠢ᠎ᠪᠡᠷ ᠠᠱᠢᠭ ᠲᠤᠰᠠ ᠣᠯᠤᠭᠰᠠᠨ ᠪᠠᠢᠪᠠᠯ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠠᠨ ᠱᠢᠭᠦᠮᠵᠢᠯᠡᠨ᠎ᠡ; ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠲᠠᠢ ᠪᠠᠢᠪᠠᠯ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠤᠨ᠎ᠠ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠱᠢᠢᠳᠭᠡᠯ ᠥᠭᠭᠦᠨ᠎ᠡ᠃

  ᠲᠥᠷᠦ᠎ᠶᠢᠨ ᠪᠠᠢᠭᠤᠯᠭ᠎ᠠ᠎ᠶᠢᠨ ᠠᠵᠢᠯᠲᠠᠨ ᠪᠣᠯᠤᠨ ᠬᠢᠴᠢᠶᠡᠯ᠎ᠦᠨ ᠪᠢᠴᠢᠭ᠎ᠢ ᠬᠢᠨᠠᠨ ᠪᠠᠢᠴᠠᠭᠠᠬᠤ ᠠᠵᠢᠯᠲᠠᠨ ᠬᠢᠴᠢᠶᠡᠯ᠎ᠦᠨ ᠪᠢᠴᠢᠭ᠎ᠢ ᠨᠠᠢᠷᠠᠭᠤᠯᠤᠨ ᠪᠢᠴᠢᠬᠦ ᠠᠵᠢᠯ᠎ᠳᠤ ᠣᠷᠤᠯᠴᠠᠭᠰᠠᠨ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠣᠷᠤᠯᠴᠠᠭᠰᠠᠨ ᠪᠠᠢᠪᠠᠯ᠂ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠪᠤᠶᠤ ᠲᠡᠭᠦᠨ᠎ᠦ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠲᠤᠱᠢᠶᠠᠯ ᠬᠠᠷᠢᠭᠤᠴᠠᠯᠭ᠎ᠠ᠎ᠶᠢᠨ ᠡᠷᠬᠡ᠎ᠶᠢᠨ ᠬᠡᠪᠴᠢᠶ᠎ᠡ᠎ᠪᠡᠨ ᠦᠨᠳᠦᠰᠦᠯᠡᠨ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ; ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠲᠠᠢ ᠪᠠᠢᠪᠠᠯ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠤᠨ᠎ᠠ᠃

  ᠲᠠᠪᠢᠨ ᠳᠣᠯᠤᠳᠤᠭᠠᠷ ᠵᠦᠢᠯ   ᠰᠤᠷᠭᠠᠭᠤᠯᠢ᠎ᠳᠤ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠠᠵᠢᠯᠲᠠᠨ᠎ᠳᠤ ᠬᠠᠤᠯᠢ ᠶᠣᠰᠤᠭᠠᠷ ᠱᠢᠢᠳᠭᠡᠯ ᠥᠭᠭᠦᠨ᠎ᠡ᠄

  (ᠨᠢᠭᠡ) ᠰᠤᠷᠭᠠᠭᠤᠯᠢ᠎ᠳᠤ ᠣᠷᠤᠬᠤ ᠨᠠᠰᠤᠨ᠎ᠤ ᠡᠩ᠎ᠦᠨ ᠰᠤᠷᠭᠠᠨ ᠬᠥᠮᠦᠵᠢᠯ ᠬᠦᠷᠲᠡᠬᠦ ᠴᠢᠳᠠᠪᠤᠷᠢ᠎ᠲᠠᠢ ᠵᠡᠮᠳᠡᠭ ᠬᠡᠦᠬᠡᠳ᠂ ᠪᠠᠭᠠᠴᠤᠳ᠎ᠤᠨ ᠠᠩᠭᠢ ᠳᠠᠭᠠᠵᠤ ᠰᠤᠷᠤᠯᠴᠠᠬᠤ᠎ᠶᠢ ᠬᠦᠯᠢᠶᠡᠵᠦ ᠠᠪᠤᠭᠰᠠᠨ᠎ᠦᠭᠡᠢ;

  (ᠬᠣᠶᠠᠷ) ᠭᠣᠣᠯᠳᠠᠯᠭᠠᠲᠤ ᠠᠩᠭᠢ ᠪᠠ ᠭᠣᠣᠯᠳᠠᠯᠭᠠᠲᠤ ᠪᠤᠰᠤ ᠠᠩᠭᠢ ᠭᠡᠵᠦ ᠬᠤᠪᠢᠶᠠᠭᠰᠠᠨ;

  (ᠭᠤᠷᠪᠠ) ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ ᠰᠤᠷᠤᠭᠴᠢ᠎ᠶᠢ ᠰᠤᠷᠭᠠᠭᠤᠯᠢ᠎ᠠᠴᠠ ᠬᠥᠭᠡᠭᠡᠭᠰᠡᠨ;

  (ᠳᠥᠷᠪᠡ) ᠬᠢᠨᠠᠨ ᠲᠣᠭᠲᠠᠭᠠᠯᠲᠠ ᠬᠢᠭᠰᠡᠨ᠎ᠦᠭᠡᠢ ᠬᠢᠴᠢᠶᠡᠯ᠎ᠦᠨ ᠪᠢᠴᠢᠭ᠎ᠢ ᠰᠣᠩᠭᠤᠨ ᠬᠡᠷᠡᠭᠯᠡᠭᠰᠡᠨ᠃

  ᠲᠠᠪᠢᠨ ᠨᠠᠢ᠍ᠮᠠᠳᠤᠭᠠᠷ ᠵᠦᠢᠯ   ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠤᠨ ᠡᠴᠢᠭᠡ ᠡᠬᠡ ᠪᠤᠶᠤ ᠬᠠᠤᠯᠢ᠎ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠵᠦᠢ ᠶᠣᠰᠤᠨ᠎ᠤ ᠱᠢᠯᠲᠠᠭᠠᠨ᠎ᠦᠭᠡᠢ᠎ᠪᠡᠷ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠲᠤᠰ ᠬᠠᠤᠯᠢ᠎ᠶᠢᠨ ᠲᠣᠭᠲᠠᠭᠠᠯ ᠶᠣᠰᠤᠭᠠᠷ ᠰᠤᠷᠭᠠᠭᠤᠯᠢ᠎ᠳᠤ ᠣᠷᠤᠭᠤᠯᠵᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠭᠡᠭᠰᠡᠨ᠎ᠦᠭᠡᠢ ᠪᠠᠢᠪᠠᠯ᠂ ᠲᠤᠬᠠᠢ᠎ᠶᠢᠨ ᠭᠠᠵᠠᠷ᠎ᠤᠨ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠤᠨ ᠪᠤᠶᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠱᠢᠭᠦᠮᠵᠢᠯᠡᠨ ᠰᠤᠷᠭᠠᠵᠤ᠂ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃

  ᠲᠠᠪᠢ ᠶᠢᠰᠦᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠤᠭᠠᠷ ᠱᠢᠢᠳᠬᠡᠨ᠎ᠡ᠄

  (ᠨᠢᠭᠡ) ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠶᠣᠰᠤᠲᠠᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠠᠯᠪᠠᠲᠠᠨ ᠰᠦᠷᠳᠡᠭᠦᠯᠬᠦ ᠪᠤᠶᠤ ᠬᠠᠭᠤᠷᠤᠨ ᠮᠡᠬᠡᠯᠡᠵᠦ ᠪᠠᠢᠭᠠᠳ ᠰᠤᠷᠤᠯᠭ᠎ᠠ᠎ᠶᠢ᠎ᠨᠢ ᠠᠯᠳᠠᠭᠤᠯᠤᠭᠰᠠᠨ᠂ ᠰᠤᠷᠤᠯᠭ᠎ᠠ᠎ᠶᠢ᠎ᠨᠢ ᠳᠣᠷᠭᠤᠨ ᠵᠣᠭᠰᠤᠭᠠᠭᠰᠠᠨ;

  (ᠬᠣᠶᠠᠷ) ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠶᠣᠰᠤᠲᠠᠢ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠢ ᠬᠠᠤᠯᠢ ᠪᠤᠰᠤ᠎ᠪᠠᠷ ᠡᠯᠰᠡᠨ ᠬᠡᠷᠡᠭᠯᠡᠭᠰᠡᠨ;

  (ᠭᠤᠷᠪᠠ) ᠬᠠᠤᠯᠢ ᠶᠣᠰᠤᠭᠠᠷ ᠬᠢᠨᠠᠨ ᠲᠣᠭᠲᠠᠭᠠᠯᠲᠠ ᠬᠢᠯᠭᠡᠭᠰᠡᠨ᠎ᠦᠭᠡᠢ ᠬᠢᠴᠢᠶᠡᠯ᠎ᠦᠨ ᠪᠢᠴᠢᠭ᠎ᠢ ᠬᠡᠪᠯᠡᠭᠦᠯᠦᠭᠰᠡᠨ᠃

  ᠵᠢᠷᠠᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠭᠡᠳ ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

    ᠨᠠᠢ᠍ᠮᠠᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

 

  ᠵᠢᠷᠠᠨ ᠨᠢᠭᠡᠳᠦᠭᠡᠷ ᠵᠦᠢᠯ   ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠲᠡᠬᠦ ᠰᠤᠷᠭᠠᠭᠤᠯᠢ᠎ᠳᠤ ᠣᠷᠤᠬᠤ ᠨᠠᠰᠤᠨ᠎ᠤ ᠬᠡᠦᠬᠡᠳ᠂ ᠪᠠᠭᠠᠴᠤᠳ᠎ᠠᠴᠠ ᠰᠤᠯᠠ ᠵᠠᠷᠤᠳᠠᠯ ᠦᠯᠦ ᠬᠤᠷᠢᠶᠠᠬᠤ ᠳᠦᠷᠢᠮ᠎ᠢ ᠬᠡᠷᠡᠭᠵᠢᠭᠦᠯᠬᠦ ᠠᠯᠬᠤᠮ ᠳᠠᠷᠠᠭ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭᠠᠨ᠎ᠠ᠃

  ᠵᠢᠷᠠᠨ ᠬᠣᠶᠠᠳᠤᠭᠠᠷ ᠵᠦᠢᠯ   ᠨᠡᠢᠭᠡᠮ᠎ᠦᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ᠎ᠦ ᠬᠠᠤᠯᠢ ᠶᠣᠰᠤᠭᠠᠷ ᠡᠷᠬᠢᠯᠡᠭᠰᠡᠨ ᠠᠷᠠᠳ᠎ᠠᠴᠠ ᠡᠷᠬᠢᠯᠡᠭᠰᠡᠨ ᠰᠤᠷᠭᠠᠭᠤᠯᠢ᠎ᠨᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠬᠡᠷᠡᠭᠵᠢᠭᠦᠯᠵᠦ ᠪᠠᠢᠪᠠᠯ᠂ ᠠᠷᠠᠳ᠎ᠠᠴᠠ ᠡᠷᠬᠢᠯᠡᠭᠰᠡᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ᠎ᠶᠢᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠨ᠎ᠡ; ᠠᠷᠠᠳ᠎ᠠᠴᠠ ᠡᠷᠬᠢᠯᠡᠭᠰᠡᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ᠎ᠳᠤ ᠲᠣᠭᠲᠠᠭᠠᠯ ᠭᠠᠷᠭᠠᠭᠰᠠᠨ᠎ᠦᠭᠡᠢ ᠪᠠᠢᠪᠠᠯ᠂ ᠲᠤᠰ ᠬᠠᠤᠯᠢ᠎ᠶᠢ ᠬᠡᠷᠡᠭᠯᠡᠨ᠎ᠡ᠃

  ᠵᠢᠷᠠᠨ ᠭᠤᠷᠪᠠᠳᠤᠭᠠᠷ ᠵᠦᠢᠯ   ᠲᠤᠰ ᠬᠠᠤᠯᠢ᠎ᠶᠢ 2006 ᠣᠨ᠎ᠤ 9 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604