ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠬᠠᠤᠯᠢ (ᠳᠥᠷᠪᠡᠳᠦᠭᠡᠷ ᠪᠦᠯᠦᠭ)
2019.11.04

  

   (2016 ᠣᠨ᠎ᠤ 12 ᠰᠠᠷ᠎ᠠ᠎ᠶᠢᠨ 25᠎ᠤ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ)

 

 

    ᠳᠥᠷᠪᠡᠳᠦᠭᠡᠷ ᠪᠦᠯᠦᠭ ᠪᠠᠲᠤᠯᠠᠭ᠎ᠠ᠎ᠶᠢᠨ ᠠᠷᠭ᠎ᠠ ᠬᠡᠮᠵᠢᠶ᠎ᠡ

 

  ᠳᠥᠴᠢᠨ ᠲᠠᠪᠤᠳᠤᠭᠠᠷ ᠵᠦᠢᠯ ᠲᠥᠷᠦ᠎ᠶᠢᠨ ᠶᠠᠪᠤᠳᠠᠯ᠎ᠤᠨ ᠬᠣᠷᠢᠶ᠎ᠠ ᠪᠠ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶᠢᠨ ᠬᠠᠷᠢᠭᠤᠴᠠᠯᠭ᠎ᠠ᠎ᠪᠠᠨ ᠦᠨᠳᠦᠰᠦᠯᠡᠨ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠵᠠᠷᠤᠳᠠᠯ᠎ᠢ ᠲᠤᠰ ᠱᠠᠲᠤᠨ᠎ᠤ᠎ᠪᠠᠨ ᠲᠥᠰᠦᠪ᠎ᠲᠦ ᠣᠷᠤᠭᠤᠯᠵᠤ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠱᠠᠭᠠᠷᠳᠠᠭᠳᠠᠬᠤ ᠪᠡᠯᠡ ᠮᠥᠩᠭᠦ᠎ᠶᠢ ᠲᠣᠬᠢᠷᠠᠭᠤᠯᠬᠤ ᠬᠡᠷᠡᠭᠲᠡᠢ᠃

  ᠳᠥᠴᠢᠨ ᠵᠢᠷᠭᠤᠳᠤᠭᠠᠷ ᠵᠦᠢᠯ ᠲᠥᠷᠦ᠎ᠶᠢᠨ ᠶᠠᠪᠤᠳᠠᠯ᠎ᠤᠨ ᠬᠣᠷᠢᠶ᠎ᠠ ᠪᠠ ᠮᠣᠵᠢ᠂ ᠥᠪᠡᠷᠲᠡᠭᠡᠨ ᠵᠠᠰᠠᠬᠤ ᠣᠷᠤᠨ᠂ ᠱᠢᠭᠤᠳ ᠬᠠᠷᠢᠶ᠎ᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠤᠨ ᠣᠷᠤᠭᠤᠯᠤᠯᠲᠠ᠎ᠪᠠᠨ ᠨᠡᠮᠡᠭᠳᠡᠭᠦᠯᠵᠦ᠂ ᠱᠢᠯᠵᠢᠭᠦᠯᠦᠨ ᠥᠭᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠤᠨ᠂ ᠬᠢᠯᠢ ᠬᠢᠵᠠᠭᠠᠷ ᠣᠷᠤᠨ᠂ ᠶᠠᠳᠠᠭᠤ ᠬᠦᠴᠢᠷᠳᠡᠯ᠎ᠲᠡᠢ ᠭᠠᠵᠠᠷ ᠣᠷᠤᠨ᠎ᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠥᠷᠨᠢᠭᠦᠯᠬᠦ᠎ᠶᠢ ᠭᠣᠣᠯᠳᠠᠯᠭ᠎ᠠ᠎ᠲᠠᠢ ᠳᠠᠮᠵᠢᠨ ᠲᠤᠰᠠᠯᠠᠬᠤ ᠬᠡᠷᠡᠭᠲᠡᠢ᠃

  ᠤᠯᠤᠰ᠎ᠠᠴᠠ ᠠᠵᠤ ᠠᠬᠤᠢ ᠬᠥᠭᠵᠢᠭᠰᠡᠨ ᠭᠠᠵᠠᠷ ᠣᠷᠤᠨ᠎ᠤ ᠬᠢᠨ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠤᠨ᠂ ᠬᠢᠯᠢ ᠬᠢᠵᠠᠭᠠᠷ ᠣᠷᠤᠨ᠂ ᠶᠠᠳᠠᠭᠤ ᠬᠦᠴᠢᠷᠳᠡᠯ᠎ᠲᠡᠢ ᠭᠠᠵᠠᠷ ᠣᠷᠤᠨ᠎ᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠲᠤᠰᠠᠯᠠᠮᠵᠢ ᠳᠡᠮᠵᠢᠯᠭᠡ ᠬᠠᠩᠭᠠᠬᠤ᠎ᠶᠢ ᠵᠣᠷᠢᠭᠵᠢᠭᠤᠯᠤᠨ ᠳᠡᠮᠵᠢᠨ᠎ᠡ᠃

  ᠳᠥᠴᠢᠨ ᠳᠣᠯᠤᠳᠤᠭᠠᠷ ᠵᠦᠢᠯ ᠰᠦᠢᠳᠭᠡᠯ ᠬᠤᠷᠢᠶᠠᠬᠤ᠎ᠦᠭᠡᠢ᠎ᠪᠡᠷ ᠪᠤᠶᠤ ᠬᠠᠷᠠᠭᠠᠯᠵᠠᠯ᠎ᠲᠠᠢ᠎ᠪᠠᠷ ᠨᠡᠭᠡᠭᠡᠭᠰᠡᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠨᠢ ᠤᠯᠤᠰ᠎ᠤᠨ ᠲᠣᠭᠲᠠᠭᠠᠯ ᠶᠣᠰᠤᠭᠠᠷ ᠨᠥᠬᠦᠪᠦᠷᠢ ᠬᠦᠷᠲᠡᠨ᠎ᠡ᠃

  ᠳᠥᠴᠢᠨ ᠨᠠᠢ᠍ᠮᠠᠳᠤᠭᠠᠷ ᠵᠦᠢᠯ ᠤᠯᠤᠰ᠎ᠠᠴᠠ ᠨᠡᠢᠭᠡᠮ᠎ᠦᠨ ᠬᠥᠷᠦᠩᠭᠡ᠎ᠶᠢᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠬᠠᠤᠯᠢ ᠶᠣᠰᠤᠭᠠᠷ ᠪᠡᠯᠡ ᠣᠷᠤᠭᠤᠯᠬᠤ᠎ᠶᠢ ᠵᠣᠷᠢᠭᠵᠢᠭᠤᠯᠵᠤ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠪᠡᠯᠡ ᠮᠥᠩᠭᠦ᠎ᠶᠢᠨ ᠢᠷᠡᠯᠲᠡ᠎ᠶᠢᠨ ᠠᠷᠭ᠎ᠠ ᠵᠠᠮ᠎ᠢ ᠥᠷᠭᠡᠳᠭᠡᠨ᠎ᠡ᠃

  ᠳᠥᠴᠢ ᠶᠢᠰᠦᠳᠦᠭᠡᠷ ᠵᠦᠢᠯ ᠤᠯᠤᠰ᠎ᠠᠴᠠ ᠵᠠᠰᠠᠭ᠎ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ᠎ᠶᠢ ᠠᠪᠴᠤ ᠪᠠᠢᠭᠠᠳ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ᠎ᠳᠤ ᠣᠷᠤᠯᠴᠠᠬᠤ᠎ᠶᠢ ᠳᠡᠮᠵᠢᠨ᠎ᠡ᠃

  ᠲᠠᠪᠢᠳᠤᠭᠠᠷ ᠵᠦᠢᠯ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ ᠨᠡᠢᠲᠡ᠎ᠶᠢᠨ ᠠᠰᠠᠷᠠᠮᠵᠢ᠎ᠶᠢᠨ ᠴᠢᠨᠠᠷ᠎ᠲᠠᠢ ᠨᠡᠢᠭᠡᠮ᠎ᠦᠨ ᠪᠦᠯᠬᠦᠮ ᠪᠤᠶᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠦ ᠰᠠᠯᠠᠭ᠎ᠠ ᠮᠥᠴᠢᠷ᠎ᠢᠶᠡᠷ ᠳᠠᠮᠵᠢᠭᠤᠯᠤᠨ ᠡᠳ ᠬᠥᠷᠦᠩᠭᠡ ᠬᠠᠨᠳᠢᠪᠯᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠬᠡᠷᠡᠭᠯᠡᠭᠦᠯᠪᠡᠯ᠂ ᠬᠠᠤᠯᠢ ᠶᠣᠰᠤᠭᠠᠷ ᠭᠠᠢᠯᠢ ᠲᠠᠲᠠᠪᠤᠷᠢ᠎ᠶᠢᠨ ᠬᠠᠷᠠᠭᠠᠯᠵᠠᠯ ᠬᠦᠷᠲᠡᠨ᠎ᠡ᠃

  ᠬᠠᠨᠳᠢᠪᠯᠠᠬᠤ ᠵᠡᠷᠭᠡ ᠠᠷᠭ᠎ᠠ ᠮᠠᠶᠢᠭ᠎ᠢᠶᠠᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠰᠠᠭᠤᠷᠢ ᠮᠥᠩᠭᠦ ᠪᠠᠢᠭᠤᠯᠵᠤ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠲᠤᠰᠭᠠᠢᠯᠠᠨ ᠬᠡᠷᠡᠭᠯᠡᠬᠦ᠎ᠶᠢ ᠤᠯᠤᠰ᠎ᠠᠴᠠ ᠵᠣᠷᠢᠭᠵᠢᠭᠤᠯᠤᠨ᠎ᠠ᠃

  ᠲᠠᠪᠢᠨ ᠨᠢᠭᠡᠳᠦᠭᠡᠷ ᠵᠦᠢᠯ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠴᠢᠳᠠᠮᠵᠢ᠂ ᠡᠭᠦᠷᠭᠡ ᠪᠠ ᠦᠢᠯᠡᠴᠢᠯᠡᠬᠦ ᠬᠥᠮᠦᠨ ᠠᠮᠠ᠎ᠶᠢᠨ ᠬᠡᠪᠴᠢᠶ᠎ᠡ᠎ᠶᠢ ᠦᠨᠳᠦᠰᠦᠯᠡᠨ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ᠎ᠤᠨ ᠪᠠᠢᠷᠢ᠎ᠶᠢ ᠵᠦᠢ ᠵᠣᠬᠢᠰᠲᠠᠢ ᠲᠣᠬᠢᠷᠠᠭᠤᠯᠵᠤ᠂ ᠵᠣᠬᠢᠴᠠᠩᠭᠤᠢ ᠲᠤᠰᠭᠠᠢ ᠮᠡᠷᠭᠡᠵᠢᠯ᠎ᠦᠨ ᠠᠵᠢᠯᠲᠠᠨ ᠲᠣᠬᠢᠷᠠᠭᠤᠯᠬᠤ ᠬᠡᠷᠡᠭᠲᠡᠢ᠃

  ᠲᠠᠪᠢᠨ ᠬᠣᠶᠠᠳᠤᠭᠠᠷ ᠵᠦᠢᠯ ᠤᠯᠤᠰ᠎ᠠᠴᠠ ᠰᠣᠶᠤᠯ᠎ᠤᠨ ᠲᠤᠰᠭᠠᠢ ᠮᠡᠷᠭᠡᠵᠢᠯ᠎ᠦᠨ ᠠᠵᠢᠯᠲᠠᠳ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠪᠠ ᠰᠠᠢᠨ ᠳᠤᠷ᠎ᠠ᠎ᠶᠢᠨ ᠠᠵᠢᠯᠯᠠᠭᠰᠠᠳ᠎ᠤᠨ ᠦᠨᠳᠦᠰᠦᠨ ᠱᠠᠲᠤᠨ᠎ᠳᠤ ᠣᠴᠢᠵᠤ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ ᠡᠷᠬᠢᠯᠡᠬᠦ᠎ᠶᠢ ᠵᠣᠷᠢᠭᠵᠢᠭᠤᠯᠤᠨ ᠳᠡᠮᠵᠢᠨ᠎ᠡ᠃

 ᠲᠠᠪᠢᠨ ᠭᠤᠷᠪᠠᠳᠤᠭᠠᠷ ᠵᠦᠢᠯ ᠤᠯᠤᠰ᠎ᠠᠴᠠ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠬᠠᠤᠯᠢ ᠶᠣᠰᠤᠭᠠᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠦᠷᠢᠶᠡᠨ᠎ᠳᠡᠬᠢ ᠨᠡᠢᠭᠡᠮ᠎ᠦᠨ ᠵᠣᠬᠢᠶᠠᠨ ᠪᠠᠢᠭᠤᠯᠤᠯᠲᠠ ᠪᠠᠢᠭᠤᠯᠬᠤ᠎ᠶᠢ ᠵᠣᠷᠢᠭᠵᠢᠭᠤᠯᠤᠨ ᠳᠡᠮᠵᠢᠵᠦ᠂ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢᠨ ᠨᠡᠢᠭᠡᠮᠴᠢᠯᠡᠭᠰᠡᠨ ᠬᠥᠭᠵᠢᠯᠲᠡ ᠪᠠ ᠲᠤᠰᠭᠠᠢᠵᠢᠭᠰᠠᠨ ᠬᠥᠭᠵᠢᠯᠲᠡ᠎ᠶᠢ ᠲᠦᠯᠬᠢᠨ ᠠᠬᠢᠭᠤᠯᠤᠨ᠎ᠠ᠃

  ᠲᠠᠪᠢᠨ ᠳᠥᠷᠪᠡᠳᠦᠭᠡᠷ ᠵᠦᠢᠯ ᠤᠯᠤᠰ᠎ᠠᠴᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠣᠨᠤᠯ᠎ᠤᠨ ᠰᠤᠳᠤᠯᠭᠠᠨ᠎ᠢ ᠳᠡᠮᠵᠢᠵᠦ᠂ ᠣᠯᠠᠨ ᠳᠡᠰ ᠳᠠᠪᠬᠤᠷᠭ᠎ᠠ᠎ᠶᠢᠨ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠬᠤ᠎ᠶᠢ ᠴᠢᠩᠭᠠᠳᠭᠠᠨ᠎ᠠ᠃

  ᠲᠠᠪᠢᠨ ᠲᠠᠪᠤᠳᠤᠭᠠᠷ ᠵᠦᠢᠯ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠪᠡᠯᠡ ᠮᠥᠩᠭᠦ᠎ᠶᠢᠨ ᠬᠡᠷᠡᠭᠯᠡᠯᠲᠡ᠎ᠳᠦ ᠬᠢᠨᠠᠯᠲᠠ ᠲᠠᠯᠪᠢᠬᠤ ᠪᠠ ᠲᠡᠭᠦᠨ᠎ᠢ ᠪᠦᠷᠢᠳᠭᠡᠵᠦ ᠵᠠᠷᠯᠠᠨ ᠮᠡᠳᠡᠭᠳᠡᠬᠦ ᠳᠦᠷᠢᠮ᠎ᠢ ᠪᠠᠢᠭᠤᠯᠤᠨ ᠪᠥᠷᠢᠨᠱᠢᠬᠦᠯᠵᠦ᠂ ᠠᠮᠵᠢᠯᠲᠠ ᠪᠦᠲᠦᠮᠵᠢ᠎ᠶᠢ ᠱᠢᠯᠭᠠᠨ ᠦᠨᠡᠯᠡᠬᠦ᠎ᠶᠢ ᠴᠢᠩᠭᠠᠳᠭᠠᠵᠤ᠂ ᠪᠡᠯᠡ ᠮᠥᠩᠭᠦ᠎ᠶᠢ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠳᠦ ᠬᠡᠷᠡᠭᠯᠡᠬᠦ᠎ᠶᠢ ᠦᠨᠡᠨ᠎ᠬᠦ ᠪᠠᠲᠤᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢᠨ ᠪᠡᠯᠡ ᠮᠥᠩᠭᠦ᠎ᠶᠢ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠵᠦ ᠪᠣᠯᠬᠤ᠎ᠦᠭᠡᠢ᠃

  ᠬᠢᠨᠠᠨ ᠪᠣᠳᠤᠬᠤ ᠪᠠᠢᠭᠤᠯᠭ᠎ᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠪᠡᠯᠡ ᠮᠥᠩᠭᠦ᠎ᠳᠦ ᠬᠢᠨᠠᠨ ᠪᠣᠳᠤᠬᠤ ᠬᠢᠨᠠᠯᠲᠠ ᠲᠠᠯᠪᠢᠬᠤ᠎ᠪᠠᠨ ᠬᠠᠤᠯᠢ ᠶᠣᠰᠤᠭᠠᠷ ᠴᠢᠩᠭᠠᠳᠭᠠᠬᠤ ᠬᠡᠷᠡᠭᠲᠡᠢ᠃

  ᠲᠠᠪᠢᠨ ᠵᠢᠷᠭᠤᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠠᠵᠢᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠵᠤ᠂ ᠣᠯᠠᠨ ᠨᠡᠢᠲᠡ᠎ᠶᠢᠨ ᠰᠣᠶᠤᠯ᠎ᠤᠨ ᠬᠡᠷᠡᠭᠴᠡᠭᠡ᠎ᠶᠢ ᠲᠤᠰᠭᠠᠭᠰᠠᠨ ᠰᠠᠨᠠᠯ᠎ᠢ ᠬᠤᠷᠢᠶᠠᠬᠤ ᠪᠣᠯᠤᠨ ᠬᠠᠷᠢᠭᠤ ᠲᠤᠰᠭᠠᠬᠤ ᠳᠦᠷᠢᠮ ᠪᠠ ᠣᠯᠠᠨ ᠲᠦᠮᠡᠨ᠎ᠢ ᠣᠷᠤᠯᠴᠠᠭᠤᠯᠤᠭᠰᠠᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠬᠢᠨᠠᠨ ᠱᠢᠯᠭᠠᠵᠤ ᠦᠨᠡᠯᠡᠬᠦ ᠳᠦᠷᠢᠮ᠎ᠢ ᠪᠠᠢᠭᠤᠯᠬᠤ᠎ᠶᠢᠨ ᠬᠠᠮᠲᠤ ᠬᠢᠨᠠᠨ ᠱᠢᠯᠭᠠᠵᠤ ᠦᠨᠡᠯᠡᠭᠰᠡᠨ ᠦᠷ᠎ᠡ ᠳ᠋ᠦᠩ᠎ᠢᠶᠡᠷ ᠨᠥᠬᠦᠪᠦᠷᠢ ᠥᠭᠬᠦ ᠪᠤᠶᠤ ᠱᠠᠩᠨᠠᠬᠤ᠎ᠶᠢ ᠲᠣᠭᠲᠠᠭᠠᠬᠤ ᠦᠨᠳᠦᠰᠦᠯᠡᠯ ᠪᠣᠯᠭᠠᠬᠤ ᠬᠡᠷᠡᠭᠲᠡᠢ᠃

  ᠲᠠᠪᠢᠨ ᠳᠣᠯᠤᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠢᠴᠢ ᠬᠣᠯᠪᠤᠭᠳᠠᠯ ᠪᠦᠬᠦᠢ ᠰᠠᠯᠠᠭ᠎ᠠ ᠮᠥᠴᠢᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠮᠡᠳᠡᠭᠡ ᠵᠠᠩᠭᠢ᠎ᠶᠢ ᠴᠠᠭ ᠲᠤᠬᠠᠢ᠎ᠳᠤ᠎ᠨᠢ ᠢᠯᠡ ᠪᠣᠯᠭᠠᠵᠤ᠂ ᠨᠡᠢᠭᠡᠮ᠎ᠦᠨ ᠬᠢᠨᠠᠯᠲᠠ᠎ᠶᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ᠃

  ᠰᠣᠨᠢᠨ ᠮᠡᠳᠡᠭᠡᠨ᠎ᠦ ᠵᠠᠭᠤᠴᠢᠯᠠᠭᠤᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠲᠤᠬᠠᠢ ᠤᠬᠠᠭᠤᠯᠭ᠎ᠠ ᠮᠡᠳᠡᠭᠡᠯᠡᠯ᠎ᠢ ᠢᠳᠡᠪᠬᠢᠲᠡᠢ ᠥᠷᠨᠢᠭᠦᠯᠬᠦ᠎ᠶᠢᠨ ᠬᠠᠮᠲᠤ ᠶᠠᠷᠢᠶ᠎ᠠ ᠬᠡᠯᠡᠯᠴᠡᠭᠡᠨ᠎ᠦ ᠬᠢᠨᠠᠯᠲᠠ᠎ᠶᠢ ᠴᠢᠩᠭᠠᠳᠭᠠᠬᠤ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604