(1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ
1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ
2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ
2005 ᠣᠨ᠎ᠤ 10 ᠰᠠᠷ᠎ᠠ᠎ᠶᠢᠨ 27 ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ
2013 ᠣᠨ᠎ᠤ 12 ᠰᠠᠷ᠎ᠠ᠎ᠶᠢᠨ 28 ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)
ᠠᠷᠪᠠᠨ ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ
ᠬᠣᠶᠠᠷ ᠵᠠᠭᠤ ᠠᠷᠪᠠᠨ ᠵᠢᠷᠭᠤᠳᠤᠭᠠᠷ ᠵᠦᠢᠯ ᠲᠤᠰ ᠬᠠᠤᠯᠢ᠎ᠳᠠᠬᠢ ᠳᠣᠣᠷ᠎ᠠ ᠵᠢᠭᠰᠠᠭᠠᠭᠰᠠᠨ ᠬᠡᠯᠡᠯᠭᠡ᠎ᠶᠢᠨ ᠤᠳᠭ᠎ᠠ᠄
(ᠨᠢᠭᠡ) ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠭᠡᠳᠡᠭ᠎ᠨᠢ ᠺᠣᠮᠫᠠᠨᠢ᠎ᠶᠢᠨ ᠵᠢᠩᠯᠢ᠂ ᠳᠡᠳ᠋ ᠵᠢᠩᠯᠢ᠂ ᠡᠳ᠋᠎ᠦᠨ ᠶᠠᠪᠤᠳᠠᠯ᠎ᠤᠨ ᠬᠠᠷᠢᠭᠤᠴᠠᠯᠭᠠᠲᠠᠨ᠂ ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠬᠡᠷᠡᠭ ᠮᠡᠳᠡᠭᠴᠢᠳ᠎ᠦᠨ ᠵᠥᠪᠯᠡᠯ᠎ᠦᠨ ᠨᠠᠷᠢᠨ ᠪᠢᠴᠢᠭᠡᠴᠢ ᠪᠣᠯᠤᠨ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠪᠤᠰᠤᠳ ᠬᠥᠮᠦᠰ᠎ᠢ ᠵᠢᠭᠠᠵᠤ ᠪᠠᠢᠨ᠎ᠠ᠃
(ᠬᠣᠶᠠᠷ) ᠬᠤᠪᠢ ᠡᠵᠡᠮᠳᠡᠬᠦ ᠬᠤᠪᠢ ᠣᠷᠤᠭᠤᠯᠤᠭᠴᠢ ᠭᠡᠳᠡᠭ᠎ᠨᠢ ᠲᠡᠭᠦᠨ᠎ᠦ ᠪᠡᠯᠡ ᠭᠠᠷᠭᠠᠭᠰᠠᠨ ᠲᠣᠭ᠎ᠠ᠎ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠥᠷᠦᠩᠭᠡ᠎ᠶᠢᠨ ᠪᠦᠬᠦ ᠲᠣᠭᠠᠨ᠎ᠤ ᠵᠠᠭᠤᠨ᠎ᠤ ᠲᠠᠪᠢ᠎ᠠᠴᠠ ᠳᠡᠭᠡᠭᠱᠢᠬᠢ᠎ᠶᠢ ᠡᠵᠡᠯᠡᠵᠦ ᠪᠠᠢᠬᠤ ᠪᠤᠶᠤ ᠲᠡᠭᠦᠨ᠎ᠦ ᠡᠵᠡᠮᠱᠢᠵᠦ ᠪᠠᠢᠭ᠎ᠠ ᠬᠤᠪᠢ᠎ᠨᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠰᠲ᠋ᠤᠺ᠎ᠤᠨ ᠡᠬᠡ ᠮᠥᠩᠭᠦ᠎ᠶᠢᠨ ᠪᠦᠬᠦ ᠲᠣᠭᠠᠨ᠎ᠤ ᠵᠠᠭᠤᠨ᠎ᠤ ᠲᠠᠪᠢ᠎ᠠᠴᠠ ᠳᠡᠭᠡᠭᠱᠢᠬᠢ᠎ᠶᠢ ᠡᠵᠡᠯᠡᠭᠰᠡᠨ ᠬᠤᠪᠢ ᠣᠷᠤᠭᠤᠯᠤᠭᠴᠢ; ᠪᠡᠯᠡ ᠭᠠᠷᠭᠠᠭᠰᠠᠨ ᠲᠣᠭ᠎ᠠ ᠪᠤᠶᠤ ᠡᠵᠡᠮᠱᠢᠵᠦ ᠪᠠᠢᠭ᠎ᠠ ᠬᠤᠪᠢ᠎ᠶᠢᠨ ᠬᠠᠷᠢᠴᠠᠯ᠎ᠨᠢ ᠬᠡᠳᠦᠢᠪᠡᠷ ᠵᠠᠭᠤᠨ᠎ᠤ ᠲᠠᠪᠢ᠎ᠳᠤ ᠬᠦᠷᠬᠦ᠎ᠦᠭᠡᠢ ᠪᠣᠯᠪᠠᠴᠤ ᠲᠡᠭᠦᠨ᠎ᠦ ᠪᠡᠯᠡ ᠭᠠᠷᠭᠠᠭᠰᠠᠨ ᠲᠣᠭ᠎ᠠ ᠪᠤᠶᠤ ᠡᠵᠡᠮᠱᠢᠵᠦ ᠪᠠᠢᠭ᠎ᠠ ᠬᠤᠪᠢ᠎ᠶᠢᠨ ᠡᠳ᠋ᠯᠡᠬᠦ ᠪᠠᠲᠤᠯᠠᠬᠤ ᠡᠷᠬᠡ᠎ᠨᠢ ᠨᠢᠭᠡᠨᠲᠡ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠱᠢᠢᠳᠪᠦᠷᠢᠳᠦ ᠴᠢᠬᠤᠯᠠ ᠶᠡᠬᠡ ᠨᠥᠯᠦᠭᠡ ᠭᠠᠷᠭᠠᠵᠤ ᠳᠡᠢᠯᠬᠦ ᠬᠤᠪᠢ ᠣᠷᠤᠭᠤᠯᠤᠭᠴᠢ᠎ᠶᠢ ᠵᠢᠭᠠᠵᠤ ᠪᠠᠢᠨ᠎ᠠ᠃
(ᠭᠤᠷᠪᠠ) ᠪᠣᠳᠠᠲᠠᠢ ᠵᠠᠬᠢᠷᠤᠭᠴᠢ ᠭᠡᠳᠡᠭ᠎ᠨᠢ ᠬᠡᠳᠦᠢᠪᠡᠷ ᠺᠣᠮᠫᠠᠨᠢ᠎ᠶᠢᠨ ᠬᠤᠪᠢ ᠣᠷᠤᠭᠤᠯᠤᠭᠴᠢ ᠪᠢᠱᠢ ᠪᠣᠯᠪᠠᠴᠤ ᠪᠡᠯᠡ ᠣᠷᠤᠭᠤᠯᠬᠤ ᠬᠠᠷᠢᠴᠠᠭ᠎ᠠ᠂ ᠬᠡᠯᠡᠯᠴᠡᠭᠡᠷ ᠪᠤᠶᠤ ᠪᠤᠰᠤᠳ ᠲᠣᠬᠢᠷᠠᠭᠤᠯᠤᠯᠲᠠ᠎ᠪᠠᠷ ᠳᠠᠮᠵᠢᠨ ᠺᠣᠮᠫᠠᠨᠢ᠎ᠶᠢᠨ ᠦᠢᠯᠡ ᠠᠵᠢᠯᠯᠠᠭ᠎ᠠ᠎ᠶᠢ ᠪᠣᠳᠠᠲᠠᠢ᠎ᠪᠠᠷ ᠵᠠᠬᠢᠷᠴᠤ ᠳᠡᠢᠯᠬᠦ ᠬᠥᠮᠦᠨ᠎ᠢ ᠵᠢᠭᠠᠵᠤ ᠪᠠᠢᠨ᠎ᠠ᠃
(ᠳᠥᠷᠪᠡ) ᠬᠣᠯᠪᠤᠯᠳᠤᠭᠰᠠᠨ ᠬᠠᠷᠢᠴᠠᠭ᠎ᠠ ᠭᠡᠳᠡᠭ᠎ᠨᠢ ᠺᠣᠮᠫᠠᠨᠢ᠎ᠶᠢᠨ ᠬᠤᠪᠢ ᠡᠵᠡᠮᠳᠡᠬᠦ ᠬᠤᠪᠢ ᠣᠷᠤᠭᠤᠯᠤᠭᠴᠢ᠂ ᠪᠣᠳᠠᠲᠠᠢ ᠵᠠᠬᠢᠷᠤᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠢᠭᠡᠳ ᠲᠡᠭᠦᠨ᠎ᠦ ᠱᠢᠭᠤᠳ ᠪᠤᠶᠤ ᠳᠠᠮ᠎ᠢᠶᠠᠷ ᠡᠵᠡᠮᠳᠡᠵᠦ ᠪᠠᠢᠭ᠎ᠠ ᠠᠵᠤ ᠠᠬᠤᠢᠯᠠᠯ᠎ᠯᠤᠭ᠎ᠠ᠎ᠶᠢᠨ ᠬᠠᠷᠢᠴᠠᠭ᠎ᠠ ᠵᠢᠴᠢ ᠺᠣᠮᠫᠠᠨᠢ᠎ᠶᠢᠨ ᠠᠱᠢᠭ ᠲᠤᠰᠠ᠎ᠶᠢ ᠱᠢᠯᠵᠢᠭᠦᠯᠬᠦ᠎ᠳᠦ ᠬᠦᠷᠭᠡᠵᠦ ᠮᠡᠳᠡᠬᠦ ᠪᠤᠰᠤᠳ ᠬᠠᠷᠢᠴᠠᠭ᠎ᠠ᠎ᠶᠢ ᠵᠢᠭᠠᠵᠤ ᠪᠠᠢᠨ᠎ᠠ᠃ ᠭᠡᠪᠡᠴᠦ ᠤᠯᠤᠰ᠎ᠠᠴᠠ ᠬᠤᠪᠢ ᠡᠵᠡᠮᠳᠡᠵᠦ ᠪᠠᠢᠭ᠎ᠠ ᠠᠵᠤ ᠠᠬᠤᠢᠯᠠᠯ᠎ᠤ᠋ᠳ᠎ᠤᠨ ᠬᠣᠭᠤᠷᠤᠨᠳᠤ ᠪᠣᠯ ᠤᠯᠤᠰ᠎ᠤᠨ ᠬᠤᠪᠢ ᠡᠵᠡᠮᠳᠡᠯ᠎ᠢ ᠬᠠᠮᠲᠤ᠎ᠪᠠᠷ ᠬᠦᠯᠢᠶᠡᠭᠰᠡᠨᠡᠴᠡᠯᠡ ᠪᠣᠯᠤᠭᠠᠳ ᠬᠣᠯᠪᠤᠯᠳᠤᠭᠰᠠᠨ ᠬᠠᠷᠢᠴᠠᠭ᠎ᠠ᠎ᠲᠠᠢ ᠪᠣᠯᠬᠤ᠎ᠦᠭᠡᠢ᠃
ᠬᠣᠶᠠᠷ ᠵᠠᠭᠤ ᠠᠷᠪᠠᠨ ᠳᠣᠯᠤᠳᠤᠭᠠᠷ ᠵᠦᠢᠯ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠤᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠳᠤ ᠲᠤᠰ ᠬᠠᠤᠯᠢ᠎ᠶᠢ ᠬᠡᠷᠡᠭᠯᠡᠨ᠎ᠡ; ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠤᠭᠤᠯᠤᠯᠲᠠ᠎ᠶᠢᠨ ᠲᠤᠬᠠᠢ ᠬᠠᠤᠯᠢ ᠴᠠᠭᠠᠵᠠ᠎ᠳᠤ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠬᠡᠷᠡᠭᠯᠡᠨ᠎ᠡ᠃
ᠬᠣᠶᠠᠷ ᠵᠠᠭᠤ ᠠᠷᠪᠠᠨ ᠨᠠᠢ᠍ᠮᠠᠳᠤᠭᠠᠷ ᠵᠦᠢᠯ ᠲᠤᠰ ᠬᠠᠤᠯᠢ᠎ᠶᠢ 2006 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃