ᠪᠦᠭᠦᠳᠡ ᠨᠠᠢᠷᠠᠮᠳᠠᠬᠤ ᠲᠤᠮᠳᠠᠲᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠠᠤᠯᠢ (ᠨᠢᠭᠡᠳᠦᠭᠡᠷ ᠪᠦᠯᠦᠭ)
2019.11.14

     ᠲᠤᠮᠳᠠᠲᠤ ᠤᠯᠤᠰ᠎ᠤᠨ ᠦᠨᠳᠦᠰᠦᠳᠡᠨ᠎ᠦ ᠬᠡᠯᠡᠨ᠎ᠤ ᠤᠷᠴᠢᠭᠤᠯᠭ᠎ᠠ᠎ᠶᠢᠨ ᠲᠦᠪ ᠣᠷᠴᠢᠭᠤᠯᠪᠠ

 

   (2000 ᠣᠨ᠎ᠤ 10 ᠰᠠᠷ᠎ᠠ᠎ᠶᠢᠨ 31᠎ᠤ ᠡᠳᠦᠷ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠪᠠᠲᠤᠯᠠᠪᠠ᠃ 2000 ᠣᠨ᠎ᠤ 10 ᠰᠠᠷ᠎ᠠ᠎ᠶᠢᠨ 31᠎ᠤ ᠡᠳᠦᠷ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ᠎ᠶᠢᠨ ᠭᠤᠴᠢᠨ ᠳᠣᠯᠤᠳᠤᠭᠠᠷ ᠵᠠᠷᠯᠢᠭ᠎ᠢᠶᠠᠷ ᠨᠡᠢᠲᠡᠯᠡᠪᠡ᠃ 2001 ᠣᠨ᠎ᠤ ᠰᠠᠷ᠎ᠠ᠎ᠶᠢᠨ 1 ᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ )

 

 

    ᠨᠢᠭᠡᠳᠦᠭᠡᠷ ᠪᠦᠯᠦᠭ   ᠶᠡᠷᠦᠩᠬᠡᠢ ᠳᠦᠷᠢᠮ

 

  ᠨᠢᠭᠡᠳᠦᠭᠡᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠌᠎ᠦᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠵᠢᠴᠢ ᠲᠡᠭᠦᠨ᠎ᠦ ᠡᠷᠡᠭᠦᠯ᠎ᠢᠶᠡᠷ ᠬᠥᠭᠵᠢᠬᠦ᠎ᠶᠢ ᠲᠦᠯᠬᠢᠨ ᠤᠷᠤᠭᠱᠢᠯᠠᠭᠤᠯᠤᠭᠠᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠌᠎ᠦᠨ ᠨᠡᠢᠭᠡᠮ᠎ᠦᠨ ᠠᠮᠢᠳᠤᠷᠠᠯ ᠳᠤᠮᠳᠠᠬᠢ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠡᠯ᠎ᠡ ᠦᠨᠳᠦᠰᠦᠲᠡᠨ ᠡᠯ᠎ᠡ ᠭᠠᠵᠠᠷ ᠣᠷᠤᠨ᠎ᠤ ᠠᠵᠤ ᠠᠬᠤᠢ ᠰᠣᠶᠤᠯ᠎ᠤᠨ ᠰᠣᠯᠢᠯᠴᠠᠭ᠎ᠠ᠎ᠶᠢ ᠠᠬᠢᠭᠤᠯᠬᠤ᠎ᠶᠢᠨ ᠲᠥᠯᠦᠭᠡ ᠦᠨᠳᠦᠰᠦᠨ ᠬᠠᠤᠯᠢ᠎ᠶᠢ ᠦᠨᠳᠦᠰᠦᠯᠡᠨ ᠲᠤᠰ ᠬᠠᠦᠯᠢ᠎ᠶᠢ ᠲᠣᠭᠲᠠᠭᠠᠪᠠ᠃

  ᠬᠣᠶᠠᠳᠤᠭᠠᠷ ᠵᠦᠢᠯ  ᠲᠤᠰ ᠬᠠᠦᠯᠢ᠎ᠳᠦ ᠬᠡᠯᠡᠵᠦ ᠪᠠᠢᠭ᠎ᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠭᠡᠳᠡᠭ ᠪᠣᠯ ᠨᠡᠢᠳᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭᠠᠵᠤ ᠪᠠᠢᠨ᠎ᠠ᠃

  ᠭᠤᠷᠪᠠᠳᠤᠭᠠᠷ ᠵᠦᠢᠯ  ᠤᠯᠤᠰ᠎ᠠᠴᠠ ᠨᠡᠢᠳᠡᠯᠢᠭ ᠬᠡᠯᠡ᠎ᠶᠢ ᠲᠥᠭᠡᠮᠡᠯᠵᠢᠭᠦᠯᠵᠦ ᠳᠦᠷᠢᠮᠵᠢᠭᠰᠡᠨ ᠬᠢᠲᠠᠳ ᠦᠰᠦᠭ᠎ᠢ ᠳᠡᠯᠭᠡᠷᠡᠭᠦᠯᠦᠨ᠎ᠡ᠃

  ᠳᠥᠷᠪᠡᠳᠦᠭᠡᠷ ᠵᠦᠢᠯ  ᠠᠷᠠᠳ ᠢᠷᠭᠡᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ ᠬᠡᠷᠡᠭᠯᠡᠬᠦ ᠡᠷᠬᠡ᠎ᠲᠡᠢ᠃

  ᠤᠯᠤᠰ᠎ᠠᠴᠠ ᠠᠷᠠᠳ ᠢᠷᠭᠡᠳ᠎ᠲᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ ᠬᠡᠷᠡᠭᠯᠡᠬᠦ᠎ᠳᠦ ᠨᠦᠭᠦᠴᠡᠯ ᠬᠠᠩᠭᠠᠨ᠎ᠠ᠃

  ᠣᠷᠤᠨ ᠨᠤᠳᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠬᠢᠭᠡᠳ ᠲᠡᠭᠦᠨ᠎ᠦ ᠬᠣᠯᠪᠤᠭᠳᠡᠯ ᠪᠦᠬᠦᠢ ᠰᠠᠯᠠᠭ᠎ᠠ ᠮᠥᠴᠢᠷ᠎ᠦᠳ ᠠᠷᠭ᠎ᠠ ᠬᠡᠮᠵᠢᠶ᠎ᠡ ᠠᠪᠴᠤ ᠪᠠᠢᠭᠠᠳ ᠨᠡᠢᠲᠡᠯᠢᠭ ᠬᠡᠯᠡ ᠪᠠ ᠳᠦᠷᠢᠮᠵᠢᠭᠰᠡᠨ ᠬᠢᠳᠠᠳ ᠦᠰᠦᠭ᠎ᠢ ᠲᠦᠭᠡᠮᠡᠯᠵᠢᠭᠦᠯᠬᠦ ᠬᠡᠷᠡᠭᠲᠡᠢ᠃

  ᠲᠠᠪᠤᠳᠤᠭᠠᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ᠎ᠨᠢ ᠤᠯᠤᠰ ᠣᠷᠤᠨ᠎ᠤ ᠡᠷᠬᠡ ᠮᠡᠳᠡᠯ ᠪᠠ ᠦᠨᠳᠦᠰᠦᠲᠡᠨ᠎ᠦ᠎ᠨᠡᠷ᠎ᠡ ᠬᠦᠨᠳᠦ᠎ᠶᠢ ᠬᠠᠮᠠᠭᠠᠯᠠᠬᠤ᠎ᠳᠤ ᠠᠱᠢᠭᠲᠠᠢ᠂ ᠤᠯᠤᠰ ᠣᠷᠤᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠳᠦ ᠠᠱᠢᠭᠲᠠᠢ᠂ ᠨᠡᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠎ᠤ ᠪᠠᠢᠭᠤᠯᠤᠯᠲᠠ ᠪᠠ ᠣᠶᠤᠨ᠎ᠤ ᠪᠣᠯᠪᠠᠰᠤᠨ᠎ᠤ ᠪᠠᠢᠭᠤᠯᠤᠯᠲᠠ᠎ᠳᠤ᠎ᠠᠱᠢᠭᠲᠠᠢ ᠪᠠᠢᠬᠤ ᠬᠡᠷᠡᠭᠲᠡᠢ᠃

  ᠵᠢᠷᠭᠤᠳᠤᠭᠠᠷ ᠵᠦᠢᠯ  ᠤᠯᠤᠰ᠎ᠠᠴᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ ᠪᠠᠷᠢᠮᠵᠢᠶ᠎ᠠ᠎ᠶᠢ ᠨᠡᠢᠲᠡᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠨᠡᠢᠭᠡᠮ᠎ᠦᠨ ᠬᠡᠷᠡᠭᠯᠡᠯᠳᠡ᠎ᠶᠢ ᠬᠠᠮᠢᠶᠠᠷᠴᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ᠂ ᠪᠠᠶᠠᠯᠢᠭᠵᠢᠯ᠂ ᠬᠦᠭᠵᠢᠯ᠎ᠢ ᠠᠬᠢᠭᠤᠯᠤᠨ᠎ᠠ᠃

  ᠳᠣᠯᠤᠳᠤᠭᠠᠷ ᠵᠦᠢᠯ  ᠤᠯᠤᠰ᠎ᠠᠴᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠦᠢᠯᠡᠰ᠎ᠲᠦ ᠲᠣᠪᠤᠢᠮ᠎ᠠ ᠬᠣᠪᠢ ᠨᠡᠮᠡᠷᠢ ᠦᠵᠡᠭᠦᠯᠦᠭᠰᠡᠨ ᠵᠣᠬᠢᠶᠠᠨ ᠪᠠᠢᠭᠤᠯᠤᠯᠲᠠ ᠪᠠ ᠬᠣᠪᠢ ᠬᠥᠮᠦᠨ᠎ᠢ ᠬᠦᠬᠢᠭᠦᠯᠦᠨ ᠱᠠᠩᠨᠠᠨ᠎ᠠ᠃

  ᠡᠯ᠎ᠡ ᠦᠨᠳᠦᠰᠦᠲᠡᠨ ᠴᠦᠮ ᠥᠪᠡᠷ᠎ᠦᠨ ᠦᠭᠡ ᠬᠡᠯᠡ ᠦᠰᠦᠭ ᠪᠢᠴᠢᠭ᠌᠎ᠢᠶᠡᠨ ᠬᠡᠷᠡᠭᠯᠡᠬᠦ ᠡᠷᠬᠡ ᠴᠢᠯᠦᠭᠡ᠎ᠲᠡᠢ᠃

  ᠴᠦᠬᠡᠨ ᠲᠣᠭᠠᠲᠤ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ᠎ᠳᠦ ᠦᠨᠳᠦᠰᠦᠨ ᠬᠠᠤᠯᠢ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠬᠠᠤᠯᠢ ᠬᠢᠭᠡᠳ ᠪᠤᠰᠤᠳ ᠬᠠᠤᠯᠢ ᠴᠠᠭᠠᠵᠠ᠎ᠶᠢᠨ ᠬᠣᠯᠪᠤᠭᠳᠠᠯ ᠪᠦᠬᠦᠢ ᠲᠣᠭᠲᠠᠭᠠᠯ᠎ᠢᠶᠠᠷ ᠦᠨᠳᠦᠰᠦ ᠪᠠᠷᠢᠮᠲᠠ ᠪᠣᠯᠭᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604