ᠪᠦᠭᠦᠳᠡ ᠨᠠᠢᠷᠠᠮᠳᠠᠬᠤ ᠲᠤᠮᠳᠠᠲᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠠᠤᠯᠢ (ᠭᠤᠷᠪᠠᠳᠤᠭᠠᠷ᠂ ᠳᠥᠷᠪᠡᠳᠦᠭᠡᠷ ᠪᠦᠯᠦᠭ)
2019.11.14

 

 

 

        ᠲᠤᠮᠳᠠᠲᠤ ᠤᠯᠤᠰ᠎ᠤᠨ ᠦᠨᠳᠦᠰᠦᠳᠡᠨ᠎ᠦ ᠬᠡᠯᠡᠨ᠎ᠤ ᠤᠷᠴᠢᠭᠤᠯᠭ᠎ᠠ᠎ᠶᠢᠨ ᠲᠦᠪ ᠣᠷᠴᠢᠭᠤᠯᠪᠠ

 

   (2000 ᠣᠨ᠎ᠤ 10 ᠰᠠᠷ᠎ᠠ᠎ᠶᠢᠨ 31᠎ᠤ ᠡᠳᠦᠷ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠪᠠᠲᠤᠯᠠᠪᠠ᠃ 2000 ᠣᠨ᠎ᠤ 10 ᠰᠠᠷ᠎ᠠ᠎ᠶᠢᠨ 31᠎ᠤ ᠡᠳᠦᠷ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ᠎ᠶᠢᠨ ᠭᠤᠴᠢᠨ ᠳᠣᠯᠤᠳᠤᠭᠠᠷ ᠵᠠᠷᠯᠢᠭ᠎ᠢᠶᠠᠷ ᠨᠡᠢᠲᠡᠯᠡᠪᠡ᠃ 2001 ᠣᠨ᠎ᠤ 1 ᠰᠠᠷ᠎ᠠ᠎ᠶᠢᠨ 1᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ )

 

    ᠭᠤᠷᠪᠠᠳᠤᠭᠠᠷ ᠪᠦᠯᠦᠭ   ᠬᠠᠮᠢᠶᠠᠷᠤᠯᠳᠠ ᠪᠠ ᠬᠢᠨᠠᠯᠳᠠ

 

  ᠬᠤᠷᠢᠨ ᠨᠢᠭᠡᠳᠦᠭᠡᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠠᠵᠢᠯ᠎ᠢ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ ᠰᠠᠯᠠᠭ᠎ᠠ ᠮᠥᠴᠢᠷ᠎ᠡᠴᠡ ᠬᠠᠷᠢᠭᠤᠴᠠᠨ ᠳᠦᠯᠦᠪᠵᠢᠭᠦᠯᠦᠨ ᠵᠢᠯᠤᠭᠤᠳᠴᠤ ᠬᠠᠮᠢᠶᠠᠷᠤᠨ ᠬᠢᠨᠠᠨ᠎ᠠ᠃

  ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠳ ᠲᠤᠰ ᠱᠢᠰᠲᠧᠮ᠎ᠦᠨ᠎ᠢᠶᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠳᠡ᠎ᠶᠢ ᠬᠠᠮᠢᠶᠠᠷᠤᠨ᠎ᠠ᠃

  ᠬᠤᠷᠢᠨ ᠬᠤᠶᠠᠳᠤᠭᠠᠷ ᠵᠦᠢᠯ  ᠤᠷᠤᠨ ᠨᠤᠲᠤᠭ᠎ᠤᠨ ᠦᠭᠡ ᠬᠡᠯᠡ ᠦᠰᠦᠭ ᠪᠢᠴᠢᠭ᠌᠎ᠦᠨ ᠠᠵᠢᠯ᠎ᠦᠨ ᠰᠠᠯᠠᠭ᠎ᠠ ᠮᠥᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠳ ᠳᠤᠰ ᠵᠠᠰᠠᠭ ᠵᠠᠬᠢᠷᠭᠠᠨ᠎ᠤ ᠣᠷᠤᠨ᠎ᠤ᠎ᠪᠠᠨ ᠳᠣᠲᠤᠷᠠᠬᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠳᠡ᠎ᠶᠢ ᠬᠢᠨᠠᠨ᠎ᠠ᠃

  ᠬᠤᠷᠢᠨ ᠭᠤᠷᠪᠠᠳᠤᠭᠠᠷ ᠵᠦᠢᠯ  ᠱᠢᠶᠠᠨ᠎ᠤ ᠱᠠᠳᠤᠨ᠎ᠡᠴᠡ ᠳᠡᠭᠡᠭᠱᠢᠬᠢ ᠡᠯ᠎ᠠ ᠱᠠᠳᠤᠨ᠎ᠦ ᠠᠷᠠᠳ᠎ᠤᠨ ᠵᠠᠰᠠᠭ᠎ᠤᠨ ᠤᠷᠳᠤᠨ᠎ᠤ ᠦᠢᠯᠡᠳᠪᠦᠷᠢ ᠬᠤᠳᠠᠯᠳᠤᠭᠠᠨ᠎ᠤ ᠵᠠᠰᠠᠭ ᠵᠠᠬᠢᠷᠭᠠᠨ᠎ᠤ ᠬᠠᠮᠢᠶᠠᠷᠤᠯᠳᠠ᠎ᠶᠢᠨ ᠰᠠᠯᠠᠭ᠎ᠠ ᠮᠥᠴᠢᠷ᠎ᠦᠳ ᠠᠵᠤ ᠠᠬᠤᠢᠯᠠᠯ᠎ᠤᠨ ᠨᠡᠷᠡᠢᠳᠦᠯ᠂ ᠲᠠᠸᠠᠷ᠎ᠤᠨ ᠨᠡᠷᠡᠢᠳᠦᠯ ᠵᠢᠴᠢ ᠵᠠᠷ᠎ᠤᠨ ᠬᠡᠷᠡᠭᠯᠡᠭᠡᠨ᠎ᠦ ᠬᠡᠯᠡ ᠬᠡᠷᠡᠭᠯᠡᠭᠡᠨ᠎ᠦ ᠦᠰᠦᠭ᠎ᠢ ᠬᠠᠤᠯᠢ ᠶᠣᠰᠤᠭᠠᠷ ᠬᠠᠮᠢᠶᠠᠷᠴᠤ ᠬᠢᠨᠠᠨ᠎ᠠ᠃

  ᠬᠤᠷᠢᠨ ᠲᠦᠷᠪᠡᠳᠦᠭᠡᠷ ᠵᠦᠢᠯ  ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ ᠰᠠᠯᠠᠭ᠎ᠠ ᠮᠥᠴᠢᠷ᠎ᠡᠴᠡ ᠨᠡᠢᠳᠡᠯᠢᠭ ᠬᠡᠯᠡᠨ᠎ᠦ ᠬᠢᠷᠢ ᠬᠡᠮᠵᠢᠶᠡᠨ᠎ᠦ ᠱᠢᠯᠭᠠᠯᠲᠠ᠎ᠶᠢᠨ ᠳᠡᠰ᠎ᠦᠨ ᠪᠠᠷᠢᠮᠵᠢᠶ᠎ᠠ᠎ᠶᠢ ᠨᠡᠢᠳᠡᠯᠡᠨ᠎ᠠ᠃

  ᠬᠤᠷᠢᠨ ᠲᠠᠪᠤᠳᠤᠭᠠᠷ ᠵᠦᠢᠯ ᠭᠠᠳᠠᠭᠠᠲᠤ ᠤᠯᠤᠰ᠎ᠤᠨ ᠬᠦᠮᠦᠨ᠎ᠦ᠎ᠨᠡᠷ᠎ᠡ᠂ ᠭᠠᠵᠠᠷ᠎ᠤᠨ᠎ᠨᠡᠷ᠎ᠡ ᠵᠡᠷᠭᠡ ᠲᠤᠰᠭᠠᠢ᠎ᠨᠡᠷ᠎ᠠ ᠪᠠ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ᠎ᠨᠡᠷ᠎ᠡ ᠲᠣᠮᠢᠶ᠎ᠠ᠎ᠶᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢᠶᠡᠷ ᠤᠷᠴᠢᠭᠤᠯᠬᠤ᠎ᠳᠤ ᠬᠦᠷᠪᠡᠯ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ ᠰᠠᠯᠠᠭ᠎ᠠ ᠮᠦᠴᠢᠷ ᠵᠤᠬᠢᠶᠠᠨ ᠪᠠᠢᠭᠤᠯᠵᠤ ᠬᠢᠨᠠᠨ ᠲᠣᠭᠲᠠᠭᠠᠨ᠎ᠠ᠃

  ᠬᠤᠷᠢᠨ ᠵᠢᠷᠭᠤᠳᠤᠭᠠᠷ ᠵᠦᠢᠯ  ᠲᠤᠰ ᠬᠠᠤᠯᠢ᠎ᠶᠢᠨ ᠬᠤᠶᠠᠳᠤᠭᠠᠷ ᠪᠦᠯᠦᠭ᠎ᠦᠨ ᠬᠤᠯᠪᠤᠭᠳᠠᠯ ᠪᠦᠬᠦᠢ ᠳᠤᠭᠳᠠᠭᠠᠯ᠎ᠢ ᠵᠦᠷᠢᠴᠡᠵᠦ᠂ ᠦᠭᠡ ᠬᠡᠯᠡ ᠦᠰᠦᠭ ᠪᠢᠴᠢᠭ᠌᠎ᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ ᠪᠠᠷᠢᠮᠵᠢᠶ᠎ᠠ ᠶᠤᠰᠤᠭᠠᠷ ᠬᠡᠷᠡᠭᠯᠡᠭᠰᠡᠨ᠎ᠦᠭᠡᠢ ᠪᠠᠢᠪᠠᠯ᠂ ᠠᠷᠠᠳ ᠢᠷᠭᠡᠳ ᠱᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃

  ᠲᠤᠰ ᠬᠠᠤᠯᠢ᠎ᠶᠢᠨ ᠠᠷᠪᠠ ᠶᠢᠰᠦᠳᠦᠭᠡᠷ ᠵᠦᠢᠯ᠎ᠦᠨ ᠬᠤᠶᠠᠳᠤᠭᠠᠷ ᠪᠠᠳᠠᠭ᠎ᠲᠤ ᠳᠤᠭᠳᠠᠭᠠᠭᠰᠠᠨ ᠬᠦᠮᠦᠰ᠎ᠦᠨ ᠬᠡᠷᠡᠭᠯᠡᠭᠡᠨ᠎ᠦ ᠬᠡᠯᠡ᠎ᠨᠢ ᠲᠤᠰ ᠬᠠᠤᠯᠢ᠎ᠶᠢᠨ ᠬᠤᠶᠠᠳᠤᠭᠠᠷ ᠪᠦᠯᠦᠭ᠎ᠦᠨ ᠬᠤᠯᠪᠤᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠪᠠᠯ᠂ ᠬᠤᠯᠪᠤᠭᠳᠠᠯ ᠪᠦᠬᠦᠢ ᠨᠢᠭᠡᠴᠢ᠎ᠡᠴᠡ ᠱᠢᠭᠤᠳ ᠬᠠᠷᠢᠭᠤᠴᠠᠯᠭ᠎ᠠ᠎ᠲᠠᠢ ᠬᠥᠮᠦᠨ᠎ᠢ ᠱᠢᠭᠦᠮᠵᠢᠯᠡᠵᠦ ᠰᠤᠷᠭᠠᠬᠤ ᠬᠡᠷᠡᠭᠳᠠᠢ᠃ ᠵᠠᠯᠠᠷᠠᠭᠤᠯᠬᠤ᠎ᠶᠢ ᠳᠡᠪᠴᠢᠪᠡᠯ ᠬᠤᠯᠪᠤᠭᠳᠠᠯ ᠪᠦᠬᠦᠢ ᠨᠢᠭᠡᠴᠢ ᠱᠢᠢᠳᠪᠦᠷᠢᠯᠡᠨ᠎ᠡ᠃

  ᠬᠤᠳᠠ᠎ᠶᠢᠨ ᠤᠯᠠᠨ ᠨᠡᠢᠲᠡ᠎ᠶᠢᠨ ᠭᠠᠵᠠᠷ᠎ᠤᠨ ᠲᠦᠭᠦᠭᠡᠷᠦᠮᠵᠢ ᠬᠢᠭᠡᠳ ᠬᠤᠳᠠᠯᠳᠤᠭᠠᠨ᠎ᠤ ᠫᠠᠢᠰᠠ᠂ ᠵᠠᠷ᠎ᠤᠨ ᠬᠡᠷᠡᠭᠯᠡᠭᠡᠨ᠎ᠦ ᠦᠰᠦᠭ᠎ᠨᠢ ᠲᠤᠰ ᠬᠠᠤᠯᠢ᠎ᠶᠢᠨ ᠬᠤᠶᠠᠳᠤᠭᠠᠷ ᠪᠦᠯᠦᠭ᠎ᠦᠨ ᠬᠤᠯᠪᠤᠭᠳᠠᠯ ᠪᠦᠬᠦᠢ ᠲᠤᠭᠳᠠᠭᠠᠯ᠎ᠢ ᠵᠦᠷᠢᠴᠡᠭᠰᠡᠨ ᠪᠠᠢᠪᠠᠯ᠂ ᠬᠤᠯᠪᠤᠭᠳᠠᠯ ᠪᠦᠬᠦᠢ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠵᠠᠯᠠᠷᠠᠭᠤᠯᠤᠭᠤᠯᠤᠨ᠎ᠠ᠃ ᠵᠠᠯᠠᠷᠠᠭᠤᠯᠬᠤ᠎ᠶᠢ ᠳᠡᠪᠴᠢᠪᠡᠯ ᠰᠡᠷᠡᠮᠵᠢ ᠦᠭᠬᠦ᠎ᠶᠢᠨ ᠬᠠᠮᠳᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠎ᠪᠠᠷ ᠱᠢᠪᠠᠳᠠᠨ ᠱᠠᠭᠠᠷᠳᠠᠨ᠎ᠠ᠃

  ᠬᠤᠷᠢᠨ ᠳᠤᠯᠤᠳᠤᠭᠠᠷ ᠵᠦᠢᠯ  ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠪᠤᠰᠤᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ ᠬᠡᠷᠡᠭᠯᠡᠬᠦ᠎ᠶᠢ ᠬᠠᠷᠱᠢᠯᠠᠭᠰᠠᠨ ᠪᠠᠢᠪᠠᠯ᠂ ᠬᠣᠯᠪᠤᠭᠳᠠᠯ ᠪᠥᠬᠦᠢ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠎ᠶᠢᠨ ᠬᠠᠮᠲᠤ ᠰᠡᠷᠡᠮᠵᠢ ᠦᠭᠭᠦᠨ᠎ᠠ᠃

 

    ᠲᠦᠷᠪᠡᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ

 

  ᠬᠤᠷᠢᠨ ᠨᠠᠢ᠍ᠮᠠᠳᠤᠭᠠᠷ ᠵᠦᠢᠯ  ᠲᠤᠰ ᠬᠠᠤᠯᠢ᠎ᠶᠢ 2001᠎ᠣᠨ᠎ᠤ 1 ᠰᠠᠷ᠎ᠠ᠎ᠶᠢᠨ 1᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠠ᠃

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604