ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠢᠨ ᠨᠠᠮ᠎ᠤᠨ ᠬᠣᠷᠢᠶᠠᠨ᠎ᠤ ᠭᠣᠤᠯᠯᠠᠭᠴᠢ ᠳᠤᠭᠤᠢᠯᠠᠩ᠎ᠤᠨ ᠬᠤᠷᠠᠯᠳᠤᠭᠠᠨ ᠡᠷᠬᠢᠯᠡᠪᠠ
2019.07.15

 

 

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠢᠨ ᠨᠠᠮ᠎ᠤᠨ ᠬᠣᠷᠢᠶᠠᠨ᠎ᠤ

  ᠭᠣᠤᠯᠯᠠᠭᠴᠢ ᠳᠤᠭᠤᠢᠯᠠᠩ᠎ᠤᠨ ᠬᠤᠷᠠᠯᠳᠤᠭᠠᠨ ᠡᠷᠬᠢᠯᠡᠵᠦ

  ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ

  ᠥᠪᠡᠷ᠎ᠦᠨ ᠪᠡᠶ᠎ᠡ᠎ᠶᠢᠨ ᠬᠤᠪᠢᠰᠭᠠᠯ᠎ᠳᠤ ᠵᠣᠷᠢᠭᠲᠠᠢ ᠪᠠᠢᠭᠠᠷᠠᠢ ᠭᠡᠵᠦ

  ᠥᠷᠭᠡᠨ ᠣᠯᠠᠨ ᠨᠠᠮ᠎ᠤᠨ ᠭᠡᠰᠢᠭᠦᠨ ᠤᠳᠤᠷᠢᠳᠭᠤ ᠺᠠᠲᠷᠴᠤᠳ᠎ᠲᠤ᠎ᠪᠠᠨ ᠤᠷᠢᠶᠠᠯᠠᠪᠠ

 

 

 

  7 ᠰᠠᠷ᠎ᠠ᠎ᠶᠢᠨ 12᠎ᠤᠨ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠢᠨ ᠨᠠᠮ᠎ᠤᠨ ᠬᠣᠷᠢᠶᠠᠨ᠎ᠤ ᠭᠣᠤᠯᠯᠠᠭᠴᠢ ᠳᠤᠭᠤᠢᠯᠠᠩ᠎ᠤᠨ ᠰᠤᠷᠤᠯᠴᠠᠬᠤ ᠥᠷᠭᠡᠳᠭᠡᠭᠰᠡᠨ ᠬᠤᠷᠠᠯᠳᠤᠭᠠᠨ ᠡᠷᠬᠢᠯᠡᠵᠦ᠂ ᠶᠡᠷᠦᠩᠬᠡᠢ ᠱᠦᠵᠢ ᠱ᠋ᠢ᠎ᠵᠢᠨ ᠫᠢᠩ᠎ᠡᠴᠡ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠪᠠᠷ ᠰᠤᠷᠤᠯᠴᠠᠬᠤ ᠦᠶ᠎ᠡ᠎ᠳᠦ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠭᠠᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠥᠪᠡᠷ᠎ᠦᠨ ᠪᠡᠶ᠎ᠡ᠎ᠶᠢᠨ ᠬᠤᠪᠢᠰᠭᠠᠯ᠎ᠳᠤ ᠵᠣᠷᠢᠭᠲᠠᠢ ᠣᠷᠤᠯᠴᠠᠵᠤ᠂  ᠰᠢᠨ᠎ᠡ ᠴᠠᠭ ᠦᠶ᠎ᠡ᠎ᠶᠢᠨ ᠨᠠᠮ᠎ᠤᠨ ᠪᠦᠲᠦᠭᠡᠨ ᠪᠠᠢᠭᠤᠯᠤᠯᠲᠠ᠎ᠶᠢ ᠨᠡᠩ ᠢᠯᠡᠭᠦᠦ ᠦᠷ᠎ᠡ ᠪᠦᠲᠦᠮᠵᠢᠲᠡᠢ ᠴᠢᠩᠭᠠᠳᠭᠠᠨ ᠪᠦᠯᠦᠭᠯᠡᠯ᠎ᠦᠨ᠎ᠢᠶᠡᠨ ᠴᠢᠨᠠᠷᠯᠢᠭ ᠰᠠᠢᠲᠠᠢ ᠬᠥᠭᠵᠢᠯᠲᠡ᠎ᠪᠡᠨ ᠪᠡᠶᠡᠯᠡᠭᠦᠯᠬᠦ᠎ᠶᠢ ᠲᠦᠯᠬᠢᠨ ᠠᠬᠢᠭᠤᠯᠲᠤᠭᠠᠢ ᠭᠡᠵᠦ ᠥᠷᠭᠡᠨ ᠣᠯᠠᠨ ᠨᠠᠮ᠎ᠤᠨ  ᠭᠡᠰᠢᠭᠦᠨ ᠤᠳᠤᠷᠢᠳᠭᠤ ᠺᠠᠲᠷᠴᠤᠳ᠎ᠲᠤ᠎ᠪᠠᠨ ᠤᠷᠢᠶᠠᠯᠠᠭᠰᠠᠨ ᠪᠥᠭᠡᠳ ᠶᠡᠷᠦᠩᠬᠡᠢ ᠱᠦᠵᠢ ᠱ᠋ᠢ᠎ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠯᠠᠮ ᠴᠢᠨᠠᠭᠰᠢᠲᠠ ᠰᠤᠷᠤᠯᠴᠠᠬᠤ ᠲᠤᠬᠠᠢ ᠲᠣᠬᠢᠷᠠᠭᠤᠯᠤᠨ ᠪᠠᠢᠷᠢᠯᠠᠭᠤᠯᠪᠠ᠃

  ᠬᠤᠷᠠᠯᠳᠤᠭᠠᠨ᠎ᠢ ᠨᠥᠬᠦᠷ ᠱᠤᠸᠠᠩ ᠯᠦᠩ ᠡᠷᠬᠢᠯᠡᠪᠡ᠃ ᠨᠥᠬᠦᠷ ᠱᠤᠸᠠᠩ ᠯᠦᠩ ᠶᠠᠷᠢᠶᠠᠨ᠎ᠳᠤ᠎ᠪᠠᠨ᠂ ᠶᠡᠷᠦᠩᠬᠡᠢ ᠱᠦᠵᠢ ᠱ᠋ᠢ᠎ᠵᠢᠨ ᠫᠢᠩ᠎ᠡᠴᠡ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠪᠠᠷ ᠰᠤᠷᠤᠯᠴᠠᠬᠤ ᠦᠶ᠎ᠡ᠎ᠳᠦ ᠲᠠᠯᠪᠢᠭᠰᠠᠨ ᠴᠢᠬᠤᠯᠠ ᠶᠠᠷᠢᠶᠠᠨ᠎ᠳᠤ᠎ᠪᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠥᠪᠡᠷ᠎ᠦᠨ ᠪᠡᠶ᠎ᠡ᠎ᠶᠢᠨ ᠬᠤᠪᠢᠰᠭᠠᠯ᠎ᠢ ᠠᠬᠢᠭᠤᠯᠬᠤ᠎ᠶᠢᠨ ᠲᠣᠭᠤᠷᠢᠨ᠎ᠳᠤ ᠳᠡᠯᠭᠡᠨ ᠥᠭᠦᠯᠡᠵᠦ᠂ ᠶᠠᠭᠤᠨ᠎ᠳᠤ ᠥᠪᠡᠷ᠎ᠦᠨ ᠪᠡᠶ᠎ᠡ᠎ᠶᠢᠨ ᠬᠤᠪᠢᠰᠭᠠᠯ ᠬᠢᠬᠦ᠂ ᠥᠪᠡᠷ᠎ᠦᠨ ᠪᠡᠶ᠎ᠡ᠎ᠶᠢᠨ ᠬᠤᠪᠢᠰᠭᠠᠯ ᠭᠡᠭᠴᠢ ᠶᠠᠭᠤ ᠪᠠᠢᠭ᠎ᠠ᠂ ᠥᠪᠡᠷ᠎ᠦᠨ ᠪᠡᠶ᠎ᠡ᠎ᠶᠢᠨ ᠬᠤᠪᠢᠰᠭᠠᠯ᠎ᠢ ᠬᠡᠷᠬᠢᠨ ᠠᠬᠢᠭᠤᠯᠬᠤ ᠭᠡᠬᠦ ᠮᠡᠲᠦ᠎ᠶᠢᠨ ᠬᠦᠨᠳᠦ ᠴᠢᠬᠤᠯᠠ ᠣᠨᠤᠯ ᠪᠠ ᠦᠢᠯᠡᠳᠦᠯᠭᠡ᠎ᠶᠢᠨ ᠠᠰᠠᠭᠤᠳᠠᠯ᠎ᠤ᠋ᠳ᠎ᠲᠤ ᠤᠯᠠᠮ ᠨᠢᠭᠡ ᠠᠯᠬᠤᠮ ᠲᠣᠳᠤᠷᠬᠠᠢ ᠬᠠᠷᠢᠭᠤᠯᠲᠠ ᠦᠭᠭᠦᠭᠰᠡᠨ᠎ᠶᠦᠮ᠂ ᠡᠨᠡ ᠪᠣᠯ ᠭᠣᠤᠯ ᠰᠡᠳᠦᠪᠲᠦ ᠬᠥᠮᠦᠵᠢᠯ᠎ᠢ ᠭᠦᠨᠵᠡᠭᠡᠢᠷᠡᠨ ᠠᠬᠢᠭᠤᠯᠵᠤ ᠰᠢᠨ᠎ᠡ ᠴᠠᠭ ᠦᠶ᠎ᠡ᠎ᠶᠢᠨ ᠨᠠᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠬᠤ᠎ᠶᠢᠨ ᠦᠢᠯᠡ ᠠᠵᠢᠯᠯᠠᠭᠠᠨ᠎ᠤ ᠵᠦᠭᠯᠡᠭᠦᠷ ᠮᠥᠨ᠃ ᠪᠢᠳᠡ 《ᠳᠥᠷᠪᠡᠨ ᠤᠬᠠᠮᠰᠠᠷ》᠎ᠢᠶᠠᠨ ᠨᠡᠮᠡᠭᠳᠡᠭᠦᠯᠦᠨ 《ᠳᠥᠷᠪᠡᠨ ᠢᠲᠡᠭᠡᠯ》᠎ᠢᠶᠡᠨ ᠴᠢᠩᠭᠠᠳᠭᠠᠵᠤ 《ᠬᠣᠶᠠᠷ ᠬᠠᠮᠠᠭᠠᠯᠠᠬᠤ》᠎ᠪᠠᠨ ᠭᠦᠢᠴᠡᠳᠭᠡᠵᠦ ᠨᠠᠮ᠎ᠤᠨ ᠥᠪᠡᠷ᠎ᠦᠨ ᠪᠡᠶ᠎ᠡ᠎ᠶᠢᠨ ᠬᠤᠪᠢᠰᠭᠠᠯ᠎ᠢ ᠠᠬᠢᠭᠤᠯᠬᠤ ᠲᠤᠬᠠᠢ ᠶᠡᠷᠦᠩᠬᠡᠢ ᠱᠦᠵᠢ ᠱ᠋ᠢ᠎ᠵᠢᠨ ᠫᠢᠩ᠎ᠦᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠣᠢᠯᠠᠭᠠᠭᠠᠳ ᠲᠡᠦᠬᠡ  ᠪᠠ ᠠᠬᠤᠢ᠎ᠶᠢ ᠬᠠᠷᠢᠴᠠᠭᠤᠯᠬᠤ᠎ᠶᠢᠨ ᠳᠤᠮᠳᠠ᠎ᠠᠴᠠ᠂ ᠣᠨᠤᠯ ᠪᠠ ᠦᠢᠯᠡᠳᠦᠯᠭᠡ᠎ᠶᠢ ᠤᠶᠠᠯᠳᠤᠭᠤᠯᠬᠤ᠎ᠶᠢᠨ ᠴᠢᠭ᠎ᠡᠴᠡ ᠮᠠᠨ᠎ᠤ ᠨᠠᠮ᠎ᠤᠨ ᠳᠣᠲᠤᠭᠠᠳᠤ ᠰᠢᠨᠵᠢ ᠴᠢᠨᠠᠷ ᠪᠣᠯᠤᠨ ᠢᠯᠠᠯᠲᠠ ᠣᠯᠬᠤ ᠳᠠᠷᠳᠠᠩ ᠵᠠᠮ᠎ᠢ ᠭᠦᠨᠵᠡᠭᠡᠢ ᠲᠠᠨᠢᠵᠤ᠂ ᠨᠠᠮ᠎ᠤᠨ ᠤᠳᠠᠭᠠᠨ ᠬᠤᠭᠤᠴᠠᠭ᠎ᠠ᠎ᠪᠠᠷ ᠲᠥᠷᠦ ᠪᠠᠷᠢᠬᠤ ᠴᠢᠳᠠᠪᠤᠷᠢ᠎ᠶᠢ ᠳᠡᠭᠡᠭᠱ᠌ᠢᠯᠡᠭᠦᠯᠬᠦ᠎ᠶᠢᠨ ᠳᠡᠭᠡᠳᠦ ᠬᠡᠮᠵᠢᠶᠡᠨ᠎ᠡᠴᠡ ᠨᠠᠮ᠎ᠤᠨ ᠥᠪᠡᠷ᠎ᠦᠨ ᠪᠡᠶ᠎ᠡ᠎ᠶᠢᠨ ᠬᠤᠪᠢᠰᠭᠠᠯ᠎ᠢ ᠠᠬᠢᠭᠤᠯᠬᠤ᠎ᠶᠢᠨ ᠬᠦᠨᠳᠦ ᠴᠢᠬᠤᠯᠠ ᠴᠢᠨᠠᠷ ᠪᠠ ᠪᠠᠴᠢᠮ ᠲᠤᠯᠭᠠᠮ᠎ᠠ ᠴᠢᠨᠠᠷ᠎ᠢ ᠭᠦᠢᠴᠡᠳ ᠲᠠᠨᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠠᠴᠠ ᠵᠥᠷᠢᠴᠡᠭᠰᠡᠨ ᠡᠯ᠎ᠡ ᠵᠦᠢᠯ᠎ᠦᠨ ᠠᠰᠠᠭᠤᠳᠠᠯ᠎ᠤ᠋ᠳ᠎ᠢ ᠪᠦᠬᠦ ᠲᠠᠯ᠎ᠠ᠎ᠪᠠᠷ ᠪᠠᠢᠴᠠᠭᠠᠨ ᠭᠠᠷᠭᠠᠵᠤ ᠥᠪᠡᠷ᠎ᠦᠨ ᠪᠡᠶ᠎ᠡ᠎ᠶᠢᠨ ᠬᠤᠪᠢᠰᠭᠠᠯ᠎ᠢ ᠭᠦᠨᠵᠡᠭᠡᠢ ᠠᠬᠢᠭᠤᠯᠤᠨ ᠬᠠᠭᠤᠴᠢᠨ᠎ᠢ ᠥᠭᠡᠷᠡᠴᠢᠯᠡᠨ  ᠰᠢᠨ᠎ᠡ᠎ᠶᠢ ᠪᠠᠢᠭᠤᠯᠬᠤ᠂ ᠲᠥᠪ ᠭᠣᠤᠯᠴᠢ  ᠰᠢᠨ᠎ᠡ᠎ᠶᠢ ᠡᠭᠦᠳᠬᠦ ᠳᠤᠮᠳᠠ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠭᠤᠤ ᠶᠡᠬᠡ ᠦᠢᠯᠡᠰ᠎ᠢ  ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠨ ᠳᠤᠷᠠᠳᠤᠭᠰᠠᠨ᠎ᠶᠤᠮ᠃

  ᠬᠡᠪᠯᠡᠯ᠎ᠦᠨ ᠪᠦᠯᠦᠭᠯᠡᠯ᠎ᠦᠨ ᠡᠯ᠎ᠡ ᠱᠠᠲᠤᠨ᠎ᠤ ᠤᠳᠤᠷᠢᠳᠭᠤ ᠺᠠᠲᠷᠴᠤᠳ ᠤᠳᠤᠷᠢᠳᠭᠤ ᠬᠠᠷᠢᠭᠤᠴᠠᠯᠭ᠎ᠠ ᠪᠣᠯᠤᠨ ᠵᠢᠱ᠌ᠢᠶᠡᠴᠢ ᠬᠠᠷᠢᠭᠤᠴᠠᠯᠭ᠎ᠠ᠎ᠪᠠᠨ ᠡᠭᠦᠷᠭᠡᠯᠡᠨ ᠰᠢᠨ᠎ᠡ ᠴᠠᠭ ᠦᠶ᠎ᠡ᠎ᠶᠢᠨ ᠨᠠᠮ᠎ᠤᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ ᠶᠡᠷᠦᠩᠬᠡᠢ ᠱᠦᠵᠢ ᠱ᠋ᠢ᠎ᠵᠢᠨ ᠫᠢᠩ᠎ᠡᠴᠡ ᠤᠳᠤᠷᠢᠳᠭᠤ ᠺᠠᠲᠷᠴᠤᠳ᠎ᠲᠤ ᠳᠤᠷᠠᠳᠤᠭᠰᠠᠨ ᠪᠠᠷᠢᠮᠵᠢᠶ᠎ᠠ ᠪᠠ ᠱᠠᠭᠠᠷᠳᠠᠯᠭ᠎ᠠ᠎ᠶᠢ ᠨᠠᠷᠢᠨ ᠨᠢᠮᠪᠠᠢ ᠬᠡᠷᠡᠭᠵᠢᠭᠦᠯᠦᠨ ᠭᠣᠤᠯ ᠰᠡᠳᠦᠪᠲᠦ ᠬᠥᠮᠦᠵᠢᠯ᠎ᠢᠶᠡᠷ ᠲᠣᠬᠢᠶᠠᠯ ᠪᠣᠯᠭᠠᠵᠤ ᠤᠯᠤᠰ ᠲᠥᠷᠦ᠎ᠶᠢᠨ ᠵᠣᠭᠰᠤᠴᠠ᠎ᠪᠠᠨ ᠦᠷᠭᠦᠯᠵᠢᠯᠡᠨ ᠳᠡᠭᠡᠭᠱ᠌ᠢᠯᠡᠭᠦᠯᠵᠦ᠂ ᠣᠨᠤᠯ᠎ᠢᠶᠠᠷ ᠵᠡᠪᠰᠡᠭᠯᠡᠬᠦ᠎ᠪᠡᠨ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠲᠠᠯ᠎ᠢ ᠲᠥᠪ ᠪᠠᠢᠯᠭᠠᠨ ᠢᠯᠵᠢᠷᠡᠯ᠎ᠢ ᠡᠰᠡᠷᠭᠦᠴᠡᠬᠦ᠎ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠢᠵᠢᠷᠠᠭᠤᠯᠬᠤ ᠨᠠᠢᠳᠠᠪᠤᠷᠢᠵᠢᠯᠲᠠ᠎ᠶᠢ ᠦᠷᠭᠦᠯᠵᠢᠯᠡᠨ ᠠᠳᠭᠤᠬᠤ ᠬᠡᠷᠡᠭᠲᠡᠢ᠃ ᠥᠪᠡᠷ᠎ᠦᠨ ᠪᠡᠶ᠎ᠡ᠎ᠪᠡᠷ᠎ᠢᠶᠡᠨ ᠬᠡᠪ ᠳᠦᠷᠢᠮ ᠦᠵᠡᠭᠦᠯᠬᠦ᠎ᠶᠢ ᠪᠠᠷᠢᠮᠲᠠᠯᠠᠨ᠂ ᠥᠪᠡᠰᠦᠪᠡᠨ ᠲᠡᠷᠢᠭᠦᠯᠡᠨ ᠠᠰᠠᠭᠤᠳᠠᠯ᠎ᠤ᠋ᠳ᠎ᠢ ᠡᠷᠢᠨ ᠵᠢᠭᠰᠠᠭᠠᠵᠤ ᠦᠨᠳᠦᠰᠦ ᠰᠤᠷᠪᠤᠯᠵᠢ᠎ᠶᠢ᠎ᠨᠢ ᠪᠠᠢᠴᠠᠭᠠᠨ ᠲᠣᠳᠤᠯᠠᠵᠤ ᠴᠡᠭᠴᠡᠯᠡᠨ ᠥᠭᠡᠷᠡᠴᠢᠯᠡᠬᠦ ᠪᠣᠳᠠᠲᠤ ᠲᠥᠰᠦᠪ᠎ᠢ ᠴᠢᠭᠯᠡᠭᠦᠯᠦᠨ ᠲᠣᠭᠲᠠᠭᠠᠭᠠᠳ ᠨᠢᠭᠡ ᠨᠢᠭᠡ᠎ᠪᠡᠷ ᠴᠡᠭᠴᠡᠯᠡᠡ ᠥᠭᠡᠷᠡᠴᠢᠯᠡᠬᠦ᠎ᠶᠢ ᠰᠠᠢᠲᠤᠷ ᠠᠳᠭᠤᠬᠤ ᠬᠡᠷᠡᠭᠲᠡᠢ᠃ ᠬᠠᠷᠠᠯᠲᠠ᠎ᠶᠢᠨ ᠬᠥᠲᠦᠯᠦᠮᠵᠢ ᠪᠣᠯᠤᠨ ᠦᠷ᠎ᠡ ᠠᠰᠢᠭ᠎ᠤᠨ ᠬᠥᠲᠦᠯᠦᠮᠵᠢ᠎ᠶᠢ ᠴᠢᠩᠭᠠᠳᠭᠠᠨ ᠠᠰᠠᠭᠤᠳᠠᠯ᠎ᠳᠤ  ᠰᠢᠭᠤᠳ ᠬᠠᠨᠳᠤᠬᠤ ᠤᠬᠠᠮᠰᠠᠷᠠᠯ ᠪᠣᠯᠤᠨ ᠬᠢᠲᠤᠭ᠎ᠠ᠎ᠶᠢᠨ ᠢᠷ ᠳᠤᠭᠤᠭᠰᠢ᠎ᠪᠠᠨ ᠪᠠᠢᠳᠠᠭ ᠪᠠᠭᠠᠲᠤᠷ ᠵᠣᠷᠢᠭ᠎ᠢᠶᠠᠷ ᠤᠯᠤᠰ ᠲᠥᠷᠦ᠎ᠶᠢᠨ ᠪᠠᠢᠭᠤᠯᠤᠯᠲᠠ᠂ ᠣᠪᠤᠷ ᠰᠤᠷᠲᠠᠯ᠎ᠤᠨ ᠪᠠᠢᠭᠤᠯᠤᠯᠲᠠ᠂ ᠴᠢᠬᠡᠴᠢ ᠵᠠᠰᠠᠭ᠎ᠤᠨ ᠪᠠᠢᠭᠤᠯᠤᠯᠲᠠ ᠵᠡᠷᠭᠡ ᠲᠠᠯ᠎ᠠ᠎ᠪᠠᠷ ᠤᠷᠤᠰᠢᠵᠤ ᠪᠠᠢᠭ᠎ᠠ ᠳᠣᠪᠤᠢᠮ᠎ᠠ ᠠᠰᠠᠭᠤᠳᠠᠯ᠎ᠤ᠋ᠳ᠎ᠢ ᠦᠨᠡᠨ ᠪᠣᠳᠠᠲᠠᠢ᠎ᠪᠠᠷ  ᠰᠢᠢᠳᠪᠦᠷᠢᠯᠡᠵᠤ ᠪᠠᠢᠭᠠᠳ ᠠᠰᠠᠭᠤᠳᠠᠯ᠎ᠢ  ᠰᠢᠢᠳᠪᠦᠷᠢᠯᠡᠭᠰᠡᠨ ᠦᠷ᠎ᠡ ᠪᠦᠲᠦᠮᠵᠢ᠎ᠪᠡᠷ᠎ᠢᠶᠡᠨ ᠭᠣᠤᠯ ᠰᠡᠳᠦᠪᠲᠦ ᠬᠥᠮᠦᠵᠢᠯ᠎ᠦᠨ ᠦᠷ᠎ᠡ ᠳ᠋ᠦᠩ᠎ᠢ ᠢᠯᠡᠷᠡᠭᠦᠯᠬᠦ ᠬᠡᠷᠡᠭᠲᠡᠢ ᠭᠡᠵᠦ ᠨᠥᠬᠦᠷ ᠱᠤᠸᠠᠩ ᠯᠦᠩ ᠶᠠᠷᠢᠶᠠᠨ᠎ᠳᠤ᠎ᠪᠠᠨ ᠴᠢᠬᠤᠯᠠᠴᠢᠯᠠᠨ ᠳᠤᠷᠠᠳᠪᠠ᠃

  ᠬᠤᠷᠠᠯᠳᠤᠭᠠᠨ᠎ᠠᠴᠠ ᠪᠠᠰᠠ ᠶᠡᠷᠦᠩᠬᠡᠢ ᠱᠦᠵᠢ ᠱ᠋ᠢ᠎ᠵᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠤᠯᠤᠰ ᠲᠥᠷᠦ᠎ᠶᠢᠨ ᠲᠣᠪᠴᠢᠶᠠᠨ᠎ᠤ ᠠᠷᠪᠠᠨ ᠲᠠᠪᠤᠳᠤᠭᠠᠷ ᠤᠳᠠᠭᠠᠨ᠎ᠤ ᠬᠠᠮᠲᠤ᠎ᠪᠠᠷ ᠰᠤᠷᠤᠯᠴᠠᠬᠤ ᠦᠶ᠎ᠡ᠎ᠳᠦ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠵᠤ ᠶᠠᠷᠢᠯᠴᠠᠨ ᠰᠤᠳᠤᠯᠬᠤ ᠲᠤᠬᠠᠢ ᠤᠯᠠᠮ ᠨᠢᠭᠡ ᠠᠯᠬᠤᠮ ᠲᠣᠬᠢᠷᠠᠭᠤᠯᠤᠨ ᠪᠠᠢᠷᠢᠯᠠᠭᠤᠯᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604