ᠬᠡᠪᠯᠡᠯ᠎ᠦᠨ ᠪᠦᠯᠦᠭᠯᠡᠯ᠎ᠦᠨ ᠳ᠋ᠢᠭᠢᠲᠴᠢᠯᠡᠭᠰᠡᠨ ᠦᠵᠡᠭᠦᠯᠭᠡ᠎ᠨᠢ ᠨᠠᠢ᠍ᠮᠠᠨ ᠮᠣᠵᠢ ᠣᠷᠤᠨ᠎ᠤ ᠲᠠᠪᠤᠳᠤᠭᠠᠷ ᠬᠤᠭᠤᠴᠠᠭᠠᠨ᠎ᠤ ᠮᠣᠩᠭᠤᠯ ᠨᠣᠮ᠎ᠦᠨ ᠦᠵᠡᠭᠦᠯᠭᠡ᠎ᠢ ᠳᠠᠬᠢᠨᠳᠠ ᠴᠢᠮᠡᠪᠠ
2019.10.21

  10 ᠰᠠᠷ᠎ᠠ᠎ᠶᠢᠨ 18᠎ᠦ ᠡᠳᠦᠷ᠎ᠡᠴᠡ 10 ᠰᠠᠷ᠎ᠠ᠎ᠶᠢᠨ 20᠎ᠦ ᠡᠳᠦᠷ ᠪᠣᠯᠲᠠᠯ᠎ᠠ᠂ ᠨᠠᠢ᠍ᠮᠠᠨ ᠮᠣᠵᠢ ᠣᠷᠤᠨ᠎ᠤ ᠲᠠᠪᠤᠳᠤᠭᠠᠷ ᠬᠤᠭᠤᠴᠠᠭᠠᠨ᠎ᠤ ᠮᠣᠩᠭᠤᠯ ᠨᠣᠮ᠎ᠦᠨ ᠦᠵᠡᠭᠦᠯᠭᠡ ᠱᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠦ ᠰᠤᠷᠭᠠᠭᠤᠯᠢ᠎ᠶᠢᠨ ᠨᠣᠮ᠎ᠤᠨ ᠰᠠᠩ᠎ᠤᠨ ᠦᠵᠡᠭᠦᠯᠭᠡ᠎ᠶᠢᠨ ᠲᠢᠩᠬᠢᠮ᠎ᠳᠦ ᠶᠠᠪᠤᠭᠳᠠᠪᠠ᠃ 14 ᠬᠡᠪᠯᠡᠯ᠎ᠦᠨ ᠨᠢᠭᠡᠴᠢ᠎ᠶᠢᠨ 3200 ᠭᠠᠷᠤᠢ ᠲᠥᠷᠦᠯ᠎ᠦᠨ 2 ᠲᠦᠮᠡ ᠢᠯᠡᠭᠦᠦ ᠲᠡᠪᠲᠡᠷ ᠦᠵᠡᠭᠦᠯᠭᠡ᠎ᠳᠦ ᠣᠷᠤᠯᠴᠠᠵᠠᠢ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠮᠡᠳᠡᠭᠡ ᠵᠠᠩᠭᠢ᠎ᠶᠢᠨ ᠲᠥᠪ᠎ᠦᠨ ᠬᠢᠨ ᠬᠠᠷᠢᠶ᠎ᠠ ᠪᠦᠬᠦᠢ ᠮᠤᠨᠢ ᠨᠡᠷᠡᠮᠵᠢᠲᠦ ᠰᠣᠶᠤᠯ᠎ᠤᠨ ᠵᠠᠭᠤᠴᠢ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠲᠡᠯᠡᠬᠡᠢ ᠨᠡᠷᠡᠮᠵᠢᠲᠦ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠦᠢᠯᠡᠰ ᠨᠡᠷᠡᠮᠵᠢᠲᠦ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢ ᠵᠣᠬᠢᠶᠠᠨ ᠪᠠᠢᠭᠤᠯᠵᠤ ᠲᠣᠰ ᠬᠤᠭᠤᠴᠠᠭᠠᠨ᠎ᠤ ᠦᠵᠡᠭᠦᠯᠭᠡ᠎ᠶᠢᠨ ᠴᠣᠷ᠎ᠤᠨ ᠭᠠᠭᠴᠠ ᠮᠣᠩᠭᠤᠯ ᠦᠰᠦᠭ ᠪᠢᠴᠢᠭ᠎ᠦᠨ ᠳ᠋ᠢᠭᠢᠲ ᠦᠷ᠎ᠡ ᠪᠦᠲᠦᠭᠡᠯ᠎ᠦᠨ ᠦᠵᠡᠭᠦᠯᠭᠡ᠎ᠶᠢ ᠭᠠᠷᠭᠠᠨ᠂ ᠬᠡᠪᠯᠡᠯ᠎ᠦᠨ ᠪᠦᠯᠦᠭᠯᠡᠯ᠎ᠦᠨ ᠪᠠᠢᠭᠤᠯᠤᠭᠳᠠᠭᠰᠠᠨ᠎ᠠᠴᠠ ᠨᠠᠭᠠᠱᠢᠬᠢ ᠮᠡᠳᠡᠭᠡ ᠵᠠᠩᠭᠢᠴᠢᠯᠠᠯᠲᠠ᠂ ᠳ᠋ᠢᠭᠢᠲ ᠦᠷ᠎ᠡ ᠪᠦᠲᠦᠭᠡᠯ᠂ ᠮᠣᠩᠭᠤᠯ ᠨᠣᠮ ᠪᠢᠴᠢᠭ᠎ᠦᠨ ᠬᠡᠪᠯᠡᠯ᠎ᠦᠨ ᠦᠢᠯᠡᠰ᠎ᠦᠨ ᠳ᠋ᠢᠭᠢᠲᠴᠢᠯᠡᠨ ᠬᠡᠯᠪᠡᠷᠢ ᠰᠣᠯᠢᠵᠤ ᠲᠡᠰ ᠲᠡᠪᠱᠢᠬᠤ ᠬᠥᠭᠵᠢᠯᠲᠡ᠎ᠶᠢᠨ ᠪᠠᠢᠳᠠᠯ᠎ᠢ ᠢᠯᠡᠷᠡᠭᠦᠯᠦᠨ ᠥᠷᠭᠡᠨ ᠣᠯᠠᠨ ᠤᠩᠱᠢᠭᠴᠢᠳ ᠵᠢᠴᠢ ᠵᠠᠭᠤᠴᠢᠯᠠᠭᠤᠷ᠎ᠤᠨ ᠬᠢᠨ᠎ᠦ ᠠᠩᠬᠠᠷᠤᠯ᠎ᠢ ᠲᠠᠲᠠᠵᠤ᠂ ᠨᠣᠮ ᠪᠢᠴᠢᠭ᠎ᠦᠨ ᠦᠵᠡᠭᠦᠯᠭᠡ᠎ᠳᠦ ᠥᠩᠭᠡ ᠭᠡᠷᠡᠯ ᠨᠡᠮᠡᠷᠢᠯᠡᠵᠡᠢ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠤᠯᠠᠮᠵᠢᠯᠠᠯᠲᠤ ᠭᠣᠣᠯ ᠦᠢᠯᠡᠰ᠎ᠢᠶᠡᠨ ᠰᠠᠢᠲᠤᠷ ᠬᠢᠬᠦ᠎ᠪᠡᠷ ᠤᠷᠢᠲᠠᠯ ᠪᠣᠯᠭᠠᠨ ᠬᠠᠮ ᠵᠠᠭᠤᠴᠢᠯᠠᠭᠤᠷ᠂ ᠲᠣᠮᠤ ᠳ᠋ᠠᠢᠲ᠋ᠠ᠎ᠶᠢᠨ ᠴᠠᠭ ᠦᠶ᠎ᠡ᠎ᠳᠤ ᠬᠠᠨᠳᠤᠭᠤᠯᠤᠨ᠂ ᠤᠯᠠᠮᠵᠢᠯᠠᠯᠲᠤ ᠬᠡᠪᠯᠡᠯ᠎ᠦᠨ ᠬᠡᠯᠪᠡᠷᠢ ᠰᠣᠯᠢᠨ ᠲᠡᠰ ᠲᠡᠪᠱᠢᠬᠤ᠎ᠪᠡᠷ ᠭᠣᠣᠯ ᠪᠣᠯᠭᠠᠵᠤ᠂ ᠱᠢᠨ᠎ᠡ᠎ᠪᠡᠷ ᠮᠠᠨᠳᠤᠭᠰᠠᠨ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ᠎ᠪᠡᠷ ᠭᠠᠷᠳᠠᠨ ᠮᠡᠳᠡᠭᠡ ᠵᠠᠩᠭᠢᠴᠢᠯᠠᠯᠲᠠ᠂ ᠳ᠋ᠢᠭᠢᠲᠴᠢᠯᠡᠯᠳᠡ᠂ ᠰᠦᠯᠵᠢᠶᠡᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠶᠢ ᠬᠦᠴᠦᠯᠡᠨ ᠠᠬᠢᠭᠤᠯᠵᠤ᠂ ᠳ᠋ᠢᠭᠢᠲ ᠬᠡᠪᠯᠡᠯ᠂ ᠡᠭᠦᠯᠡᠨ ᠰᠤᠷᠭᠠᠨ ᠬᠥᠮᠦᠵᠢᠯ᠂ ᠬᠠᠮ ᠵᠠᠭᠤᠴᠢᠯᠠᠭᠤᠷ᠎ᠤᠨ ᠨᠡᠢᠲᠡᠯᠡᠯ᠂ ᠴᠠᠬᠢᠮ ᠬᠤᠳᠠᠯᠳᠤᠭᠠᠨ᠎ᠤ ᠶᠠᠪᠤᠳᠠᠯ᠂ ᠸᠧᠪ ᠰᠠᠢᠲ᠎ᠤᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠱᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠵᠠᠢ᠃  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠠᠷᠢᠶᠠᠨ᠎ᠳᠠᠬᠢ ᠱᠢᠨ᠎ᠡ ᠲᠧᠭᠨᠢᠭ ᠮᠡᠷᠭᠡᠵᠢᠯ᠎ᠦᠨ ᠺᠣᠮᠫᠠᠨᠢ᠎ᠨᠤᠭᠤᠳ᠎ᠨᠢ ᠰᠠᠭᠤᠷᠢ ᠮᠡᠷᠭᠡᠵᠢᠯ᠎ᠢ ᠰᠤᠳᠤᠯᠤᠨ ᠨᠡᠭᠡᠭᠡᠬᠦ ᠪᠠ ᠲᠤᠷᠱᠢᠨ ᠬᠡᠷᠡᠭᠯᠡᠬᠦ᠎ᠪᠡᠷ ᠲᠠᠮᠵᠢᠨ 40 ᠲᠥᠷᠦᠯ᠎ᠦᠨ ᠺᠣᠮᠫᠢᠦᠲᠧᠷ᠎ᠦᠨ ᠵᠥᠭᠡᠯᠡᠨ ᠲᠣᠨᠤᠭ᠎ᠤᠨ ᠵᠣᠬᠢᠶᠠᠨ ᠪᠦᠲᠦᠭᠡᠯᠭᠡ᠎ᠶᠢᠨ ᠡᠷᠬᠡ᠎ᠶᠢᠨ ᠪᠦᠷᠢᠳᠬᠡᠯ᠎ᠤᠨ ᠦᠨᠡᠮᠯᠡᠯ ᠪᠠ 4 ᠲᠥᠷᠦᠯ᠎ᠦᠨ ᠵᠥᠭᠡᠯᠡᠨ ᠲᠣᠨᠤᠭ᠎ᠤᠨ ᠪᠦᠲᠦᠬᠡᠭᠳᠡᠭᠦᠨ᠎ᠦ ᠪᠦᠷᠢᠳᠬᠡᠯ᠎ᠤᠨ ᠦᠨᠡᠮᠯᠡᠯ᠎ᠢ ᠵᠠᠯᠭᠠᠭ᠎ᠠ᠎ᠪᠠᠷ ᠭᠠᠷᠳᠠᠵᠠᠢ᠃ 2016 ᠣᠨ᠎ᠤ 12 ᠰᠠᠷ᠎ᠠ᠎ᠶᠢᠨ 23᠎ᠦ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠢᠶᠠᠷ ᠲᠦᠷᠦᠭᠦᠯᠡᠵᠦ᠂ ᠲᠡᠯᠡᠭᠡᠢ ᠨᠡᠷᠡᠮᠵᠢᠲᠦ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠮᠤᠨᠢ ᠨᠡᠷᠡᠮᠵᠢᠲᠦ ᠰᠣᠶᠤᠯ᠎ᠤᠨ ᠵᠠᠭᠤᠴᠢ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠦᠢᠯᠡᠰ ᠨᠡᠷᠡᠮᠵᠢᠲᠦ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠢᠴᠢ ᠥᠪᠦᠷ ᠮᠣᠩᠭᠤᠯ᠎ᠤᠨ ᠶᠡᠬᠡ ᠰᠤᠷᠭᠠᠭᠤᠯᠢ ᠵᠡᠷᠭᠡ ᠨᠢᠭᠡᠴᠢ᠎ᠶᠢᠨ ᠬᠠᠮᠲᠤᠷᠠᠨ ᠪᠠᠢᠭᠤᠯᠤᠭᠰᠠᠨ 《ᠮᠣᠩᠭᠤᠯ ᠬᠡᠯᠡᠨ᠎ᠦ ᠳ᠋ᠢᠭᠢᠲ ᠡᠬᠢ ᠪᠠᠶᠠᠯᠢᠭ᠎ᠤᠨ ᠪᠠᠷᠢᠮᠵᠢᠶᠠᠵᠢᠭᠤᠯᠤᠭᠰᠠᠨ ᠬᠡᠷᠡᠭᠯᠡᠭᠡᠨ᠎ᠦ ᠰᠤᠳᠤᠯᠭᠠᠨ᠎ᠤ ᠭᠣᠣᠯᠳᠠᠯᠭ᠎ᠠ᠎ᠲᠠᠢ ᠲᠤᠷᠱᠢᠯᠲᠠ᠎ᠶᠢᠨ ᠲᠠᠰᠤᠭ》᠎ᠢ ᠤᠯᠤᠰ᠎ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠤ ᠲᠸᠯᠸᠢᠰ᠎ᠦᠨ ᠶᠡᠷᠦᠩᠬᠡᠢ ᠲᠣᠪᠴᠢᠶ᠎ᠠ᠎ᠶᠢᠨ 《ᠲᠦᠷᠦᠭᠦᠦ ᠪᠦᠯᠦᠭ ᠰᠣᠨᠢᠨ ᠮᠡᠳᠡᠭᠡ ᠬᠡᠪᠯᠡᠯ᠎ᠦᠨ ᠦᠢᠯᠡᠰ᠎ᠦᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠪᠠᠷᠢᠮᠵᠢᠶᠠᠲᠤ ᠭᠣᠣᠯᠳᠠᠯᠭ᠎ᠠ᠎ᠲᠠᠢ ᠲᠤᠷᠱᠢᠯᠲᠠ᠎ᠶᠢᠨ ᠲᠠᠰᠤᠭ》᠎ᠲᠦ ᠵᠢᠭᠰᠠᠭᠠᠨ ᠣᠷᠤᠭᠤᠯᠪᠠ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 《ᠮᠣᠩᠭᠤᠯ ᠬᠡᠯᠡᠨ᠎ᠦ ᠮᠡᠳᠡᠭᠡ ᠵᠠᠩᠭᠢᠴᠢᠯᠠᠯᠲᠠ᠎ᠶᠢᠨ ᠬᠡᠷᠡᠭᠯᠡᠭᠡᠨ᠎ᠦ ᠰᠤᠳᠤᠯᠤᠨ ᠨᠡᠭᠡᠭᠡᠬᠦ ᠪᠦᠯᠬᠦᠮ》᠎ᠨᠢ 2018 ᠣᠨ᠎ᠤ 4 ᠰᠠᠷ᠎ᠠ᠎ᠶᠢᠨ 16᠎ᠦ ᠡᠳᠦᠷ ᠨᠠᠢ᠍ᠮᠠᠳᠤᠭᠠᠷ ᠪᠦᠯᠦᠭ᠎ᠦᠨ 《ᠲᠠᠯ᠎ᠠ ᠨᠤᠲᠤᠭ᠎ᠤᠨ ᠴᠢᠳᠠᠪᠤᠷᠢᠲᠠᠨ》᠎ᠦ ᠢᠨᠵᠧᠨᠧᠷᠢᠩ᠎ᠤᠨ ᠠᠵᠤ ᠦᠢᠯᠡᠰ᠎ᠦᠨ ᠱᠢᠨ᠎ᠡ᠎ᠶᠢ ᠡᠭᠦᠳᠴᠦ ᠦᠢᠯᠡᠰ ᠪᠣᠰᠭᠠᠬᠤ ᠴᠢᠳᠠᠪᠤᠷᠢᠲᠠᠨ᠎ᠤ ᠪᠦᠯᠬᠦᠮ᠎ᠢᠶᠡᠷ ᠵᠥᠪᠱᠢᠶᠡᠷᠡᠭᠳᠡᠪᠡ᠃ ᠰᠤᠳᠤᠯᠤᠨ ᠡᠭᠦᠳᠦᠭᠰᠡᠨ ᠪᠦᠳᠦᠭᠳᠡᠭᠦᠨ᠎ᠨᠢ ᠨᠢᠭᠡᠨᠲᠡ ᠪᠦᠬᠦ ᠤᠯᠤᠰ᠎ᠤᠨ ᠨᠠᠢ᠍ᠮᠠᠨ ᠮᠣᠵᠢ ᠣᠷᠤᠨ᠎ᠳᠤ ᠳᠡᠯᠭᠡᠷᠡᠩᠭᠦᠢ ᠬᠡᠷᠡᠭᠯᠡᠭᠳᠡᠵᠦ᠂ ᠥᠷᠭᠡᠨ ᠣᠯᠠᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢᠳ᠎ᠲᠦ ᠦᠢᠯᠡᠴᠢᠯᠡᠨ ᠮᠣᠩᠭᠤᠯ ᠬᠡᠯᠡᠨ᠎ᠦ ᠮᠡᠳᠡᠭᠡ ᠵᠠᠩᠭᠢᠴᠢᠯᠠᠯᠲᠠ᠂ ᠳ᠋ᠢᠭᠢᠲᠴᠢᠯᠡᠯᠳᠡ᠂ ᠣᠳᠤᠬᠢᠴᠢᠯᠠᠯᠲᠠ᠎ᠶᠢ ᠪᠡᠶᠡᠯᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠪᠠ᠃

  ᠲᠣᠰ ᠤᠳᠠᠭᠠᠨ᠎ᠤ ᠳ᠋ᠢᠭᠢᠲᠴᠢᠯᠡᠭᠰᠡᠨ ᠦᠵᠡᠭᠦᠯᠭᠡ᠎ᠳᠦ ᠮᠣᠩᠭᠤᠯ ᠥᠰᠦᠭ᠎ᠦᠨ ᠲᠢᠭ ᠪᠠ ᠪᠢᠴᠢᠭᠯᠡᠬᠦ ᠠᠷᠭ᠎ᠠ᠂ ᠮᠣᠩᠭᠤᠯ ᠪᠢᠴᠢᠭ᠎ᠦᠨ ᠬᠥᠮᠦᠷᠭᠡ᠂ ᠮᠣᠩᠭᠤᠯ ᠬᠢᠲᠠᠳ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠂ ᠮᠣᠩᠭᠤᠯ ᠬᠢᠲᠠᠳ ᠡᠯᠧᠺᠲᠷᠤᠨ ᠬᠤᠳᠠᠯᠳᠤᠭᠠᠨ᠎ᠤ ᠲᠠᠪᠴᠠᠩ᠂ OCR ᠢᠯᠭᠠᠨ ᠲᠠᠨᠢᠬᠤ ᠱᠢᠰᠲᠧᠮ᠂ ᠣᠶᠤᠨᠯᠢᠭ ᠰᠡᠯᠭᠦᠨ ᠪᠠᠷᠯᠠᠬᠤ ᠱᠢᠰᠲᠧᠮ ᠵᠡᠷᠭᠡ ᠱᠢᠷᠢᠰ ᠦᠷ᠎ᠡ ᠪᠦᠲᠦᠭᠡᠯ᠎ᠢ ᠪᠠᠭᠲᠠᠭᠠᠵᠠᠢ᠃

  19᠎ᠦ ᠦᠳᠡ᠎ᠶᠢᠨ ᠡᠮᠦᠨ᠎ᠡ᠂ ᠬᠡᠪᠯᠡᠯ᠎ᠦᠨ ᠪᠦᠯᠦᠭᠯᠡᠯ《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠮᠡᠳᠡᠭᠡ ᠵᠠᠩᠭᠢᠴᠢᠯᠠᠯᠲᠠ᠎ᠶᠢᠨ ᠦᠷ᠎ᠡ ᠪᠦᠲᠦᠭᠡᠯ᠎ᠢ ᠲᠠᠨᠢᠯᠴᠠᠭᠤᠯᠬᠤ ᠬᠤᠷᠠᠯ》᠎ᠢ ᠵᠣᠬᠢᠶᠠᠨ ᠪᠠᠢᠭᠤᠯᠤᠨ ᠥᠷᠨᠢᠭᠦᠯᠵᠦ᠂ ᠦᠵᠡᠭᠦᠯᠭᠡ᠎ᠳᠦ ᠣᠷᠤᠯᠴᠠᠭᠰᠠᠨ ᠤᠳᠤᠷᠢᠳᠤᠯᠭ᠎ᠠ ᠪᠣᠯᠤᠨ ᠥᠷᠭᠡᠨ ᠣᠯᠠᠨ ᠬᠡᠷᠡᠭᠯᠡᠭᠴᠢᠳ᠎ᠲᠦ ᠬᠡᠪᠯᠡᠯ᠎ᠦᠨ ᠪᠦᠯᠦᠭᠯᠡᠯ᠎ᠦᠨ ᠮᠡᠳᠡᠭᠡ ᠵᠠᠩᠭᠢᠴᠢᠯᠠᠯᠲᠠ᠎ᠶᠢᠨ ᠦᠷ᠎ᠡ ᠪᠦᠲᠦᠭᠡᠯ ᠵᠢᠴᠢ ᠭᠣᠣᠯᠳᠠᠯᠭ᠎ᠠ᠎ᠲᠠᠢ ᠦᠢᠯᠡᠳᠬᠦᠨ᠎ᠢ ᠲᠠᠨᠢᠯᠴᠠᠭᠤᠯᠵᠠᠢ᠃ ᠡᠭᠦᠨ᠎ᠦ ᠬᠠᠮᠲᠤ ᠲᠠᠨᠢᠯᠴᠠᠭᠤᠯᠬᠤ ᠬᠤᠷᠠᠯ᠎ᠳᠤ ᠣᠷᠤᠯᠴᠠᠭᠰᠠᠨ ᠮᠣᠩᠭᠤᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶᠢᠨ ᠪᠠᠭᠱᠢ ᠰᠤᠷᠤᠭᠴᠢᠳ᠎ᠲᠤ ᠬᠡᠪᠯᠡᠯ᠎ᠦᠨ ᠪᠦᠯᠦᠭᠯᠡᠯ᠎ᠦᠨ ᠳ᠋ᠢᠭᠢᠲ ᠦᠢᠯᠡᠳᠬᠦᠨ᠎ᠢ ᠪᠡᠯᠡᠭᠯᠡᠪᠡ᠃

  ᠳ᠋ᠢᠭᠢᠲᠴᠢᠯᠡᠭᠰᠡᠨ ᠦᠵᠡᠭᠦᠯᠭᠡ ᠲᠣᠰ ᠬᠤᠭᠤᠴᠠᠭᠠᠨ᠎ᠤ ᠨᠣᠮ ᠪᠢᠴᠢᠭ᠎ᠦᠨ ᠦᠵᠡᠭᠦᠯᠭᠡ ᠲᠡᠭᠡᠷ᠎ᠡ ᠢᠯᠡᠷᠡᠭᠰᠡᠨ᠎ᠨᠢ ᠮᠣᠩᠭᠤᠯ ᠪᠢᠴᠢᠭ᠎ᠤᠨ ᠬᠡᠪᠯᠡᠯ᠎ᠦᠨ ᠦᠢᠯᠡᠰ᠎ᠦᠨ ᠮᠡᠳᠡᠭᠡ ᠵᠠᠩᠭᠢᠴᠢᠯᠠᠯᠲᠠ᠎ᠶᠢᠨ ᠳ᠋ᠢᠭᠢᠲᠴᠢᠯᠡᠭᠰᠡᠨ ᠦᠷ᠎ᠡ ᠪᠦᠲᠦᠭᠡᠯ᠎ᠢ ᠭᠦᠢᠴᠡᠳ ᠲᠡᠯᠭᠡᠨ ᠦᠵᠡᠭᠦᠯᠵᠦ᠂ ᠦᠨᠳᠦᠰᠦᠲᠡᠨ᠎ᠦ ᠬᠡᠪᠯᠡᠯ᠎ᠦᠨ ᠠᠵᠢᠯᠲᠠᠨ᠎ᠤ ᠳ᠋ᠢᠭᠢᠲᠴᠢᠯᠡᠭᠰᠡᠨ ᠬᠡᠪᠯᠡᠯ ᠲᠡᠢᠱᠢ ᠢᠳᠡᠪᠬᠢᠲᠡᠢ᠎ᠪᠡᠷ ᠬᠡᠯᠪᠡᠷᠢ ᠱᠢᠯᠵᠢᠬᠦ᠂ ᠠᠭᠤᠰᠤᠯᠴᠠᠨ ᠬᠥᠭᠵᠢᠬᠦ ᠲᠡᠢᠱᠢ ᠲᠡᠰ ᠳᠠᠪᠱᠢᠬᠤ᠂ ᠱᠢᠨ᠎ᠡ ᠵᠠᠭᠤᠴᠢᠯᠠᠭᠤᠷ᠎ᠤᠨ ᠴᠠᠭ ᠦᠶ᠎ᠡ ᠲᠡᠢᠱᠢ ᠤᠷᠤᠭᠱᠢᠯᠠᠬᠤ ᠣᠶᠤᠨ ᠰᠠᠨᠠᠭᠠᠨ᠎ᠤ ᠬᠡᠯᠪᠡᠷᠢ ᠪᠠᠢᠳᠠᠯ᠎ᠢ ᠲᠡᠯᠭᠡᠨ ᠦᠵᠡᠭᠦᠯᠵᠦ᠂ ᠳ᠋ᠢᠭᠢᠲᠴᠢᠯᠡᠭᠰᠡᠨ ᠤᠨᠤᠯ᠎ᠢ ᠤᠬᠠᠭᠤᠯᠤᠨ ᠳ᠋ᠢᠭᠢᠲ ᠦᠷ᠎ᠡ ᠪᠦᠲᠦᠭᠡᠯ᠎ᠢ ᠲᠡᠯᠭᠡᠨ ᠦᠵᠡᠭᠦᠯᠵᠦ᠂ ᠦᠨᠳᠦᠰᠦᠲᠡᠨ᠎ᠦ ᠬᠡᠪᠯᠡᠯ᠎ᠦᠨ ᠠᠵᠢᠯᠲᠠᠨ᠎ᠤ ᠮᠡᠳᠡᠭᠡ ᠵᠠᠩᠭᠢᠴᠢᠯᠠᠯᠲᠠ᠎ᠶᠢᠨ ᠲᠣᠭᠠᠴᠢᠯᠠᠭᠰᠠᠨ ᠤᠬᠠᠮᠰᠠᠷ᠎ᠢ ᠴᠢᠨᠠᠭᠱᠢᠳᠠ ᠲᠡᠭᠡᠭᠱᠢᠯᠡᠭᠦᠯᠵᠦ᠂ ᠮᠣᠩᠭᠤᠯ ᠪᠢᠴᠢᠭ᠎ᠤᠨ ᠳ᠋ᠢᠭᠢᠲᠴᠢᠯᠡᠭᠰᠡᠨ ᠬᠡᠪᠯᠡᠯ᠎ᠦᠨ ᠴᠠᠭ ᠦᠶ᠎ᠡ᠎ᠶᠢᠨ ᠬᠣᠱᠢᠭᠤᠴᠢ᠎ᠶᠢ ᠬᠥᠳᠡᠯᠦᠨ ᠲᠠᠭᠠᠭᠤᠯᠵᠤ ᠪᠠᠢᠬᠤ᠎ᠶᠢ ᠭᠦᠢᠴᠡᠳ ᠬᠠᠷᠠᠭᠤᠯᠵᠠᠢ᠃

 

    ᠣᠷᠴᠢᠭᠤᠯᠤᠭᠴᠢ᠄ ᠰᠠᠢᠬᠠᠨ᠎ᠠ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604