ᠮᠠᠨ᠎ᠤ ᠤᠯᠤᠰ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢ ᠪᠦᠬᠦ ᠲᠠᠯ᠎ᠡ᠎ᠪᠠᠷ ᠴᠢᠩᠭᠠᠳᠭᠠᠬᠤ᠎ᠪᠠᠷ ᠪᠤᠢ
2019.12.03

  ᠱᠢᠨᠬᠤᠧᠠ ᠬᠤᠷᠢᠶᠠᠨ᠎ᠤ ᠪᠡᠭᠡᠵᠢᠩ᠎ᠤᠨ 11 ᠰᠠᠷ᠎ᠡ᠎ᠶᠢᠨ 24᠎ᠤ ᠴᠠᠬᠢᠯᠭᠠᠨ ᠮᠡᠳᠡᠭᠡ (ᠰᠤᠷᠪᠤᠯᠵᠢᠯᠠᠭᠴᠢ ᠵᠠᠩ ᠴᠢᠤᠧᠠᠨ) ᠤᠢᠷ᠎ᠡ᠎ᠶᠢᠨ ᠡᠳᠦᠷ᠂ ᠨᠠᠮ᠎ᠤᠨ ᠲᠦᠪ ᠬᠤᠷᠢᠶᠠᠨ᠎ᠤ ᠠᠯᠪᠡᠨ ᠲᠢᠩᠭᠢᠮ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠠᠯᠪᠡᠨ ᠲᠢᠩᠭᠢᠮ 《ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢ ᠴᠢᠩᠭᠠᠳᠭᠠᠬᠤ ᠲᠤᠬᠠᠢ ᠰᠠᠨᠠᠯ》᠎ᠢ ᠲᠠᠷᠤᠮᠠᠯᠯᠠᠨ ᠲᠠᠷᠬᠠᠭᠠᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠱᠢᠰᠲᠧᠮ᠎ᠢ ᠲᠠᠰᠤᠷᠠᠯᠳᠠ᠎ᠦᠭᠡᠢ ᠦᠭᠡᠷᠡᠴᠢᠯᠡᠨ ᠲᠡᠬᠦᠯᠳᠡᠷᠵᠢᠬᠦᠯᠵᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ᠂ ᠮᠡᠷᠭᠡᠵᠢᠯ᠂ ᠨᠡᠢᠭᠡᠮ᠎ᠤᠨ ᠵᠠᠰᠠᠯᠳᠠ᠎ᠶᠢᠨ ᠠᠷᠭ᠎ᠠ ᠪᠠᠷᠢᠯ᠎ᠢ ᠶᠡᠷᠤᠩᠭᠡᠢᠯᠡᠨ ᠭᠡᠷᠡᠭᠯᠡᠵᠤ ᠬᠠᠮᠠᠭᠠᠯᠠᠯᠳᠠ᠎ᠪᠠᠨ ᠴᠢᠩᠭᠠᠳᠭᠠᠵᠤ᠂ ᠬᠠᠮᠠᠭᠠᠯᠠᠯᠳᠠ᠎ᠶᠢᠨ ᠴᠢᠳᠠᠪᠤᠷᠢ ᠪᠤᠯᠤᠨ ᠲᠦᠪᠱᠢᠨ᠎ᠤ ᠪᠦᠬᠦᠯᠢ ᠴᠤᠭᠴᠠ᠎ᠶᠢᠨ ᠲᠡᠭᠡᠭᠱᠢᠯᠡᠯᠳᠠ᠎ᠶᠢ ᠠᠬᠢᠭᠤᠯᠬᠤ ᠭᠡᠷᠡᠭᠳᠠᠢ ᠭᠡᠵᠤ ᠲᠤᠳᠤᠷᠬᠠᠢ ᠱᠠᠭᠠᠷᠳᠠᠪᠠ᠃

  ᠰᠠᠨᠠᠯ᠎ᠳᠤ᠂ 2022᠎ᠤᠨ ᠪᠤᠯᠬᠤ᠎ᠳᠤ᠂ ᠡᠷᠭᠡ᠎ᠳᠤ ᠬᠠᠯᠳᠠᠭᠰᠡᠨ ᠠᠮᠠᠷᠬᠠᠨ ᠡᠬᠦᠰᠬᠦ ᠤᠯᠠᠨ ᠡᠬᠦᠰᠬᠦ ᠦᠵᠡᠭᠳᠡᠯ᠎ᠢ ᠪᠦᠳᠦᠮᠵᠢᠳᠠᠢ ᠬᠤᠷᠢᠭᠯᠠᠵᠤ᠂ ᠡᠷᠭᠡᠳᠤ ᠬᠦᠮᠦᠨ᠎ᠤ ᠡᠷᠭᠡ᠎ᠪᠠᠨ ᠬᠠᠮᠠᠭᠠᠯᠠᠬᠤ᠎ᠳᠤ 《ᠭᠡᠷᠡᠴᠢ ᠭᠠᠷᠭᠠᠬᠤ᠎ᠳᠤ ᠬᠦᠴᠢᠷ᠂ ᠦᠶᠡᠯᠡᠯ᠎ᠤᠨ ᠬᠤᠭᠤᠴᠠᠭ᠎ᠡ ᠤᠷᠳᠤ᠂ ᠦᠪᠡᠷ᠎ᠤᠨ ᠦᠷᠳᠡᠭ ᠦᠨᠳᠦᠷ᠂ ᠲᠦᠯᠦᠪᠤᠷᠢ ᠪᠠᠭ᠎ᠠ》 ᠪᠠᠢᠬᠤ ᠪᠠᠢᠳᠠᠯ᠎ᠢ ᠢᠯᠡᠳᠳᠠ ᠰᠠᠢᠵᠢᠷᠠᠭᠤᠯᠬᠤ᠎ᠪᠠᠷ ᠴᠢᠷᠮᠠᠢᠨ᠎ᠠ; 2025᠎ᠤᠨ ᠪᠤᠯᠬᠤ᠎ᠳᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠨᠡᠢᠭᠡᠮ᠎ᠤᠨ ᠲᠠᠭᠠᠱᠢᠶᠠᠯ᠎ᠤᠨ ᠬᠡᠮᠵᠢᠶ᠎ᠡ᠎ᠶᠢ ᠨᠡᠯᠢᠶᠡᠳ ᠦᠨᠳᠦᠷ ᠲᠦᠪᠱᠢᠨ᠎ᠳᠤ ᠬᠦᠷᠭᠡᠬᠦ ᠪᠦᠭᠡᠳ ᠪᠠᠳᠤᠯᠠᠵᠤ᠂ ᠬᠠᠮᠠᠭᠠᠯᠠᠯᠳᠠ᠎ᠶᠢᠨ ᠴᠢᠳᠠᠪᠤᠷᠢ᠎ᠶᠢ ᠪᠦᠳᠦᠮᠵᠢᠳᠠᠢ ᠲᠡᠭᠡᠭᠱᠢᠯᠡᠭᠦᠯᠵᠤ᠂ ᠬᠠᠮᠠᠭᠠᠯᠠᠯᠳᠠ᠎ᠶᠢᠨ ᠱᠢᠰᠲᠧᠮ᠎ᠢ ᠤᠯᠠᠮ ᠲᠡᠬᠦᠯᠳᠡᠷᠵᠢᠭᠦᠯᠵᠤ᠂ ᠮᠡᠳᠡᠯᠭᠡ᠎ᠶᠢᠨ ᠦᠨ᠎ᠡ ᠦᠷᠳᠡᠭ᠎ᠢ ᠬᠦᠨᠳᠦᠳᠭᠡᠬᠦ ᠬᠤᠳᠠᠯᠳᠤᠭ᠎ᠡ ᠡᠷᠬᠢᠯᠡᠬᠦ ᠤᠷᠴᠢᠨ ᠨᠦᠬᠦᠴᠡᠯ᠎ᠢ ᠤᠯᠠᠮ ᠱᠢᠯᠢᠳᠡᠭᠵᠢᠭᠦᠯᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠲᠦᠷᠢᠮ᠎ᠤᠨ ᠱᠢᠨ᠎ᠡ᠎ᠶᠢ ᠡᠬᠦᠳᠬᠦ ᠦᠨᠳᠦᠰᠤᠨ ᠪᠠᠳᠤᠯᠠᠭ᠎ᠡ᠎ᠶᠢᠨ ᠦᠢᠯᠡᠳᠦᠯ᠎ᠢ ᠨᠡᠩ ᠪᠦᠳᠦᠮᠵᠢᠳᠠᠢ ᠪᠠᠳᠠᠷᠠᠭᠤᠯᠬᠤ ᠪᠤᠯᠤᠨ᠎ᠡ ᠭᠡᠵᠤ ᠲᠤᠷᠠᠳᠪᠠ᠃

  ᠰᠠᠨᠠᠯ᠎ᠳᠤ᠂ ᠡᠷᠭᠡ᠎ᠳᠤ ᠬᠠᠯᠳᠠᠵᠤ ᠬᠠᠭᠤᠷᠮᠠᠭᠯᠡᠨ ᠦᠢᠯᠡᠳᠦᠭᠰᠡᠨ ᠦᠢᠯᠡ ᠠᠵᠢᠯᠯᠠᠭ᠎ᠡ᠎ᠶᠢ ᠵᠠᠯᠬᠠᠭᠠᠨ ᠱᠢᠢᠳᠭᠡᠬᠦ ᠡᠷᠴᠢᠮ᠎ᠢᠶᠠᠨ ᠴᠢᠩᠭᠠᠷᠠᠭᠤᠯᠵᠤ᠂ ᠭᠡᠷᠡᠴᠢ᠎ᠶᠢᠨ ᠪᠠᠷᠢᠮᠵᠢᠶ᠎ᠡ᠎ᠶᠢ ᠴᠢᠩᠭ᠎ᠠ ᠵᠢᠷᠤᠮᠵᠢᠭᠤᠯᠵᠤ᠂ ᠭᠡᠷᠡᠭ᠎ᠢ ᠬᠦᠢᠴᠡᠳᠭᠡᠬᠦ  ᠠᠷᠭ᠎ᠠ ᠬᠡᠮᠵᠢᠶ᠎ᠡ᠎ᠶᠢ ᠴᠢᠩᠭᠠᠳᠭᠠᠵᠤ᠂ ᠱᠢᠨ᠎ᠡ ᠡᠵᠡᠩᠨᠡᠯᠳᠠ᠎ᠶᠢᠨ ᠬᠡᠯᠪᠡᠷᠢ ᠱᠢᠨ᠎ᠡ ᠬᠦᠷᠢᠶᠠᠨ᠎ᠳᠠᠬᠢ ᠬᠠᠮᠠᠭᠠᠯᠠᠯᠳᠠ᠎ᠶᠢᠨ ᠲᠦᠷᠢᠮ᠎ᠢ ᠲᠡᠬᠦᠯᠳᠡᠷᠵᠢᠬᠦᠯᠬᠦ ᠭᠡᠷᠡᠭᠳᠠᠢ ᠭᠡᠵᠤ ᠱᠠᠭᠠᠷᠳᠠᠪᠠ᠃ ᠲᠤᠰᠭᠠᠢ ᠠᠱᠢᠭ᠂ ᠵᠤᠬᠢᠶᠠᠯ ᠪᠦᠳᠦᠭᠡᠯ᠎ᠤᠨ ᠡᠷᠭᠡ ᠵᠡᠷᠭᠡ ᠬᠦᠷᠢᠶᠠᠨ᠎ᠳᠤ ᠡᠷᠭᠡ᠎ᠳᠤ ᠬᠠᠯᠳᠠᠭᠰᠡᠨ ᠠᠵᠢᠯᠯᠠᠭ᠎ᠡ᠎ᠶᠢ ᠵᠠᠯᠬᠠᠭᠠᠨ ᠱᠢᠢᠳᠭᠡᠬᠦ ᠴᠢᠨᠠᠷᠳᠠᠢ ᠲᠦᠯᠦᠪᠤᠷᠢ᠎ᠶᠢᠨ ᠲᠦᠷᠢᠮ᠎ᠢ ᠤᠷᠤᠭᠤᠯᠬᠤ᠎ᠶᠢ ᠲᠦᠷᠭᠡᠳᠭᠡᠨ᠎ᠡ; ᠬᠤᠳᠠᠯᠳᠤᠭᠠᠨ᠎ᠤ ᠨᠢᠭᠤᠴᠠ᠂ ᠨᠢᠭᠤᠴᠠ ᠬᠤᠳᠠᠯᠳᠤᠭᠠᠨ᠎ᠤ ᠶᠠᠪᠤᠳᠠᠯ᠎ᠤᠨ ᠮᠡᠳᠡᠭᠡ ᠵᠠᠩᠭᠢ ᠵᠢᠴᠢ ᠲᠡᠬᠦᠨ᠎ᠤ ᠡᠬᠢ ᠺᠤᠳ ᠵᠡᠷᠭᠡ᠎ᠶᠢᠨ ᠪᠦᠳᠦᠮᠵᠢᠳᠠᠢ ᠬᠠᠮᠠᠭᠠᠯᠠᠯᠳᠠ᠎ᠶᠢ ᠴᠢᠩᠭᠠᠳᠭᠠᠬᠤ᠎ᠶᠢ ᠬᠠᠢᠨ ᠰᠦᠪᠡᠭᠴᠢᠯᠡᠨ᠎ᠡ; ᠡᠷᠡᠬᠦᠤ᠎ᠶᠢᠨ ᠭᠡᠷᠡᠭ᠎ᠲᠤ ᠴᠤᠬᠢᠯᠳᠠ ᠦᠭᠬᠦ ᠡᠷᠴᠢᠮ᠎ᠢᠶᠠᠨ ᠴᠢᠩᠭᠠᠷᠠᠭᠤᠯᠵᠤ᠂ ᠡᠷᠡᠬᠦᠤ ᠱᠢᠢᠳᠭᠡᠯ ᠤᠨᠤᠭᠳᠠᠭᠤᠯᠵᠤ ᠱᠢᠢᠳᠭᠡᠬᠦ ᠡᠷᠴᠢᠮ᠎ᠢᠶᠠᠨ ᠴᠢᠩᠭᠠᠷᠠᠭᠤᠯᠤᠨ᠎ᠡ; ᠡᠮ᠎ᠤᠨ ᠵᠦᠢᠯᠡᠰ᠎ᠤᠨ ᠲᠤᠰᠭᠠᠢ ᠠᠱᠢᠭ᠎ᠤᠨ ᠬᠤᠯᠪᠤᠭᠠᠰᠤ᠎ᠶᠢᠨ ᠲᠦᠷᠢᠮ᠂ ᠡᠮ᠎ᠤᠨ ᠵᠦᠢᠯᠡᠰ᠎ᠤᠨ ᠲᠤᠰᠭᠠᠢ ᠠᠱᠢᠭ᠎ᠤᠨ ᠲᠤᠭᠳᠠᠭᠰᠡᠨ ᠬᠤᠭᠤᠴᠠᠭᠠᠨ᠎ᠳᠤ ᠨᠦᠬᠦᠪᠤᠷᠢᠯᠡᠬᠦ ᠲᠦᠷᠢᠮ᠎ᠢ ᠪᠠᠢᠭᠤᠯᠬᠤ᠎ᠶᠢ ᠬᠠᠢᠨ ᠰᠦᠪᠡᠭᠴᠢᠯᠡᠨ᠎ᠡ; ᠡᠯᠧᠺᠲᠷᠤᠨ ᠬᠤᠳᠠᠯᠳᠤᠭ᠎ᠡ᠎ᠶᠢᠨ ᠲᠠᠪᠴᠠᠩ᠎ᠤᠨ ᠬᠠᠮᠠᠭᠠᠯᠠᠨ ᠬᠠᠮᠢᠶᠡᠷᠬᠤ ᠪᠠᠷᠢᠮᠵᠢᠶ᠎ᠡ᠎ᠶᠢ ᠲᠤᠭᠳᠠᠭᠠᠨ᠎ᠠ ᠬᠡᠵᠤ ᠲᠤᠷᠠᠤᠨᠪᠠ᠃

  ᠰᠠᠨᠠᠯ᠎ᠳᠤ᠂ ᠬᠠᠤᠯᠢ ᠭᠡᠷᠡᠭᠵᠢᠬᠦᠯᠤᠯᠳᠡ᠎ᠳᠤ ᠬᠢᠨᠠᠯᠳᠠ ᠲᠠᠯᠪᠢᠬᠤ ᠡᠷᠴᠢᠮ᠎ᠢᠶᠠᠨ ᠴᠢᠩᠭᠠᠷᠠᠭᠤᠯᠵᠤ᠂ ᠪᠦᠬᠦ ᠨᠡᠢᠭᠡᠮ᠎ᠢᠶᠠᠷ᠎ᠢᠶᠠᠨ ᠬᠠᠮᠳᠤ᠎ᠪᠠᠷ ᠵᠠᠰᠠᠬᠤ ᠬᠡᠪ ᠵᠠᠭᠪᠤᠷ᠎ᠢ ᠪᠠᠢᠭᠤᠯᠤᠨ ᠪᠦᠷᠢᠨᠱᠢᠬᠦᠯᠵᠤ᠂ ᠲᠤᠰᠭᠠᠢ ᠮᠡᠷᠭᠡᠵᠢᠯ᠎ᠤᠨ ᠲᠤᠯᠭᠠᠭᠤᠷᠢᠯᠡᠯ᠎ᠢ ᠴᠢᠩᠭᠠᠳᠭᠠᠬᠤ ᠭᠡᠷᠡᠭᠳᠠᠢ᠃ ᠡᠷᠭᠡ ᠤᠯᠭᠤᠬᠤ ᠡᠷᠭᠡ᠎ᠶᠢ ᠨᠤᠳᠠᠯᠠᠨ ᠲᠤᠭᠳᠠᠭᠠᠬᠤ ᠡᠷᠭᠡ᠎ᠶᠢ ᠬᠠᠮᠠᠭᠠᠯᠠᠬᠤ᠎ᠶᠢ ᠵᠤᠯᠭᠠᠭᠤᠯᠬᠤ ᠶᠠᠪᠤᠴᠠ᠎ᠶᠢ ᠱᠢᠯᠢᠳᠡᠭᠵᠢᠬᠦᠯᠵᠤ᠂  ᠰᠠᠯᠠᠭ᠎ᠠ ᠮᠦᠴᠢᠷ ᠠᠯᠤᠰᠯᠠᠨ ᠤᠷᠤᠨ ᠪᠦᠰᠡ ᠠᠯᠤᠰᠯᠠᠨ ᠭᠡᠷᠡᠭ ᠱᠢᠢᠳᠪᠦᠷᠢᠯᠡᠬᠦ ᠬᠠᠮᠵᠢᠯᠴᠠᠭ᠎ᠡ᠎ᠪᠠᠨ ᠴᠢᠩᠭᠠᠳᠭᠠᠵᠤ᠂ ᠲᠦᠬᠦᠮ ᠬᠢᠯᠪᠡᠷ ᠭᠡᠷᠡᠭ ᠪᠤᠯᠤᠨ ᠵᠢᠭᠤᠷᠠᠯᠳᠤᠭᠠᠨ᠎ᠢ ᠲᠦᠷᠭᠡᠨ ᠱᠢᠢᠳᠪᠦᠷᠢᠯᠡᠬᠦ᠎ᠶᠢ ᠠᠬᠢᠭᠤᠯᠵᠤ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢ ᠲᠦᠷᠭᠡᠨ ᠬᠠᠮᠠᠭᠠᠯᠠᠬᠤ ᠪᠠᠢᠭᠤᠯᠤᠮᠵᠢ᠎ᠶᠢᠨ ᠪᠠᠢᠭᠤᠯᠤᠯᠳᠠ᠎ᠶᠢ ᠴᠢᠩᠭᠠᠳᠭᠠᠬᠤ ᠭᠡᠷᠡᠭᠳᠠᠢ᠃ ᠨᠡᠩ ᠶᠡᠭᠡ ᠬᠦᠴᠦᠨ᠎ᠢᠶᠠᠷ ᠤᠯᠠᠨ ᠤᠯᠤᠰ᠎ᠤᠨ  ᠬᠠᠮᠲᠤᠷᠠᠯᠴᠠᠭ᠎ᠠ᠎ᠶᠢ ᠴᠢᠩᠭᠠᠳᠭᠠᠵᠤ᠂ ᠤᠯᠤᠰ᠎ᠤᠨ ᠲᠤᠳᠤᠭᠠᠳᠤ ᠭᠠᠳᠠᠭᠠᠳᠤ᠎ᠶᠢᠨ ᠡᠷᠭᠡᠳᠤ ᠬᠦᠮᠦᠨ᠎ᠯᠦᠭᠡ ᠤᠯᠤᠯᠴᠠᠬᠤ  ᠠᠷᠭ᠎ᠠ ᠵᠠᠮ᠎ᠢ ᠪᠦᠷᠢᠨᠱᠢᠬᠦᠯᠵᠤ᠂ ᠭᠠᠳᠠᠭᠠᠳᠤ᠎ᠳᠤ ᠡᠷᠭᠡ᠎ᠪᠠᠨ ᠬᠠᠮᠠᠭᠠᠯᠠᠬᠤ ᠲᠤᠰᠠᠯᠠᠮᠵᠢ᠎ᠶᠢᠨ ᠦᠢᠯᠡᠴᠢᠯᠡᠭᠡ᠎ᠶᠢ ᠴᠢᠩᠭᠠᠳᠭᠠᠵᠤ᠂ ᠵᠤᠬᠢᠴᠠᠭᠤᠯᠬᠤ ᠪᠠ ᠮᠡᠳᠡᠭᠡ ᠵᠠᠩᠭᠢ ᠤᠯᠬᠤ ᠲᠤᠭᠳᠠᠴᠠ᠎ᠶᠢ ᠪᠦᠷᠢᠨᠱᠢᠬᠦᠯᠬᠦ ᠭᠡᠷᠡᠭᠳᠠᠢ ᠭᠡᠵᠤ ᠱᠠᠭᠠᠷᠳᠠᠪᠠ᠃

  ᠰᠠᠨᠠᠯ᠎ᠳᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠠᠵᠢᠯ᠎ᠳᠠᠬᠢ ᠨᠠᠮ᠎ᠤᠨ  ᠤᠳᠤᠷᠢᠳᠤᠯᠭ᠎ᠠ᠎ᠶᠢ ᠪᠦᠬᠦ ᠲᠠᠯ᠎ᠡ᠎ᠪᠠᠷ ᠴᠢᠩᠭᠠᠳᠭᠠᠬᠤ ᠭᠡᠷᠡᠭᠳᠠᠢ᠃ ᠤᠷᠤᠨ ᠨᠤᠳᠤᠭ᠎ᠤᠨ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠨᠠᠮ᠎ᠤᠨ ᠲᠦᠪ ᠬᠤᠷᠢᠶ᠎ᠡ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ  ᠪᠣᠳᠤᠯᠭ᠎ᠠ ᠪᠠᠢᠷᠢᠯᠠᠭᠤᠯᠤᠯᠳᠠ᠎ᠶᠢ ᠪᠦᠬᠦ ᠲᠠᠯ᠎ᠡ᠎ᠪᠠᠷ ᠲᠤᠭᠤᠱᠢᠯᠠᠭᠤᠯᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠬᠠᠷᠢᠶ᠎ᠡ ᠤᠷᠤᠨ᠎ᠤ  ᠬᠠᠷᠢᠭᠤᠴᠠᠯᠭ᠎ᠠ᠎ᠶᠢ ᠨᠡᠢᠳᠠᠪᠤᠷᠢᠵᠢᠭᠤᠯᠬᠤ ᠭᠡᠷᠡᠭᠳᠠᠢ᠃ ᠡᠯ᠎ᠡ ᠭᠠᠵᠠᠷ ᠤᠷᠤᠨ ᠡᠯ᠎ᠡ  ᠰᠠᠯᠠᠭ᠎ᠠ ᠮᠦᠴᠢᠷ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠪᠡᠯᠡ ᠮᠦᠩᠭᠦᠨ᠎ᠤ ᠤᠷᠤᠭᠤᠯᠤᠯᠳᠠ᠎ᠶᠢᠨ ᠡᠷᠴᠢᠮ᠎ᠢᠶᠠᠨ ᠴᠢᠩᠭᠠᠷᠠᠭᠤᠯᠬᠤ ᠭᠡᠷᠡᠭᠳᠠᠢ᠃ ᠨᠦᠬᠦᠴᠡᠯ᠎ᠲᠠᠢ ᠭᠠᠵᠠᠷ ᠤᠷᠤᠨ᠎ᠤ ᠤᠷᠢᠳ᠎ᠢᠶᠠᠷ ᠭᠡᠷᠡᠭᠵᠢᠬᠦᠯᠵᠤ ᠤᠷᠢᠳ᠎ᠢᠶᠠᠷ ᠲᠤᠷᠱᠢᠬᠤ᠎ᠶᠢ ᠵᠤᠷᠢᠭᠵᠢᠭᠤᠯᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠲᠤᠷᠱᠢᠯᠳᠠ᠎ᠶᠢᠨ ᠴᠡᠭ᠎ᠤᠨ  ᠵᠢᠱ᠌ᠢᠶ᠎ᠡ ᠦᠵᠡᠬᠦᠯᠬᠦ ᠤᠷᠤᠨ᠎ᠢ ᠤᠷᠢᠳ᠎ᠢᠶᠠᠷ ᠪᠠᠢᠭᠤᠯᠬᠤ ᠭᠡᠷᠡᠭᠳᠠᠢ᠃ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠬᠠᠮᠠᠭᠠᠯᠠᠯᠳᠠ᠎ᠶᠢᠨ ᠠᠵᠢᠯ᠎ᠤᠨ ᠠᠮᠵᠢᠯᠳᠠ᠎ᠶᠢ ᠤᠷᠤᠨ ᠨᠤᠳᠤᠭ᠎ᠤᠨ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ᠎ᠤ ᠠᠵᠢᠯ᠎ᠤᠨ ᠠᠮᠵᠢᠯᠳᠠ᠎ᠶᠢᠨ ᠱᠢᠯᠭᠠᠨ ᠪᠠᠢᠴᠠᠭᠠᠯᠳᠠ ᠪᠤᠯᠤᠨ  ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠤᠨ ᠦᠨᠡᠯᠡᠯᠳᠠ᠎ᠶᠢᠨ ᠱᠢᠰᠲᠧᠮ᠎ᠳᠤ ᠤᠷᠤᠭᠤᠯᠵᠤ᠂ ᠡᠯ᠎ᠡ ᠵᠦᠢᠯ᠎ᠤᠨ ᠠᠵᠢᠯ᠎ᠤᠨ ᠱᠠᠭᠠᠷᠳᠠᠯᠭ᠎ᠡ᠎ᠶᠢ ᠪᠦᠳᠦᠮᠵᠢᠳᠠᠢ ᠨᠠᠢᠳᠠᠪᠤᠷᠢᠵᠢᠭᠤᠯᠬᠤ᠎ᠶᠢ ᠦᠨᠡᠨ᠎ᠬᠦ ᠪᠠᠳᠤᠯᠠᠬᠤ ᠭᠡᠷᠡᠭᠳᠠᠢ ᠭᠡᠵᠤ ᠲᠤᠳᠤᠷᠬᠠᠢᠯᠠᠪᠠ᠃

  ᠪᠥᠬᠦ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ ᠡᠯᠧᠺᠲᠷᠤᠨ ᠭᠡᠷᠡᠴᠢ ᠪᠠᠷᠢᠮᠲᠠ᠎ᠶᠢ ᠵᠢᠨᠠᠨ᠎ᠳᠤ ᠠᠩᠬ᠎ᠠ ᠲᠠᠷᠬᠠᠭᠠᠪᠠ᠃

  ᠱᠢᠨᠬᠤᠧᠠ ᠬᠣᠷᠢᠶᠠᠨ᠎ᠤ ᠵᠢᠨᠠᠨ᠎ᠤ 11 ᠰᠠᠷ᠎ᠠ᠎ᠶᠢᠨ 24 ᠎ᠤ ᠴᠠᠬᠢᠯᠭᠠᠨ ᠮᠡᠳᠡᠭᠡ᠎ᠠᠴᠠ (ᠰᠤᠷᠪᠤᠯᠵᠢᠯᠠᠭᠴᠢ ᠸᠧᠢ ᠱᠧᠩ ᠶᠣᠤ) ᠪᠦᠬᠦ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ ᠡᠯᠧᠺᠲᠷᠤᠨ ᠭᠡᠷᠡᠴᠢ ᠪᠠᠷᠢᠮᠲᠠ᠎ᠶᠢ ᠠᠩᠬ᠎ᠠ ᠲᠠᠷᠬᠠᠭᠠᠬᠤ ᠶᠣᠰᠤᠯᠠᠯ 24᠎ᠤ ᠡᠳᠦᠷ ᠱᠠᠨᠳᠦ᠋ᠩ᠎ᠤᠨ ᠵᠢᠨᠠᠨ᠎ᠳᠤ ᠶᠠᠪᠤᠭᠳᠠᠪᠠ᠃ 《ᠡᠮ ᠡᠮᠨᠡᠯᠭᠡ᠎ᠶᠢᠨ ᠲᠠᠭᠠᠳᠭᠠᠯ᠎ᠤᠨ ᠡᠯᠧᠺᠲᠷᠤᠨ ᠭᠡᠷᠡᠴᠢ ᠪᠠᠷᠢᠮᠲᠠ》᠎ᠨᠢ ᠪᠥᠬᠦ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ ᠰᠦᠯᠵᠢᠶᠡᠨ ᠲᠡᠭᠡᠷᠡᠬᠢ ᠲᠤᠬᠠᠢᠯᠠᠭᠰᠠᠨ ᠠᠵᠢᠯ᠎ᠤᠨ ᠴᠣᠷ᠎ᠤᠨ ᠭᠠᠭᠴᠠ ᠪᠡᠶ᠎ᠡ ᠭᠡᠮ᠎ᠤᠨ ᠭᠡᠷᠡᠴᠢ ᠪᠠᠷᠢᠮᠲᠠ ᠪᠣᠯᠤᠨ᠎ᠠ᠂ ᠡᠨᠡ᠎ᠳᠦᠷ᠎ᠠᠴᠠ ᠡᠬᠢᠯᠡᠨ ᠾᠧᠪᠧᠢ᠂ ᠭᠢᠷᠢᠨ᠂ ᠬᠠᠷᠠᠮᠦ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠭᠤᠸᠠᠩᠳᠦ᠋ᠩ ᠵᠡᠷᠭᠡ ᠳᠣᠯᠤᠭᠠᠨ ᠮᠣᠵᠢ (ᠬᠣᠲᠠ)᠎ᠶᠢᠨ ᠬᠡᠰᠡᠭ ᠬᠣᠲᠠ᠎ᠳᠤ ᠵᠠᠯᠭᠠᠭ᠎ᠠ᠎ᠪᠠᠷ ᠠᠱᠢᠭᠯᠠᠯᠲᠠ᠎ᠳᠤ ᠣᠷᠤᠬᠤ ᠪᠤᠯᠤᠨ᠎ᠠ᠃

  ᠤᠯᠤᠰ᠎ᠤᠨ ᠡᠮ ᠡᠮᠨᠡᠯᠬᠡ᠎ᠶᠢᠨ ᠪᠠᠳᠤᠯᠠᠪᠤᠷᠢ᠎ᠶᠢᠨ ᠲᠣᠪᠴᠢᠶᠠᠨ᠎ᠤ ᠲᠠᠨᠢᠯᠴᠠᠭᠤᠯᠤᠭᠰᠠᠨ᠎ᠢᠶᠠᠷ᠂ ᠡᠮ ᠡᠮᠨᠡᠯᠬᠡ᠎ᠶᠢᠨ ᠲᠠᠭᠠᠳᠭᠠᠯ᠎ᠤᠨ ᠡᠯᠸᠺᠲᠷᠤᠨ ᠭᠡᠷᠡᠴᠢ ᠪᠠᠷᠢᠮᠲᠠ᠎ᠨᠢ ᠪᠡᠶ᠎ᠡ ᠭᠡᠮ᠎ᠤᠨ ᠭᠡᠷᠡᠴᠢ ᠪᠠᠷᠢᠮᠲᠠ᠂ ᠮᠡᠳᠡᠭᠡ ᠵᠠᠩᠭᠢ᠎ᠶᠢᠨ ᠲᠡᠮᠳᠡᠭᠯᠡᠯ᠂ ᠠᠦ᠋ᠲ᠋ᠣ᠋ ᠪᠠᠢᠴᠠᠭᠠᠨ ᠯᠠᠪᠯᠠᠬᠤ᠂ ᠡᠮ ᠡᠮᠨᠡᠯᠬᠡ᠎ᠶᠢᠨ ᠲᠠᠭᠠᠳᠭᠠᠯ᠎ᠢ ᠲᠠᠰᠤᠯᠤᠨ ᠪᠣᠳᠤᠬᠤ᠂ ᠰᠦᠢᠳᠬᠡᠯ ᠲᠤᠱᠢᠶᠠᠬᠤ ᠵᠢᠴᠢ ᠤᠯᠭᠤᠮᠵᠢ ᠬᠦᠷᠳᠡᠭᠡᠮᠵᠢ ᠠᠪᠬᠤ᠂ ᠡᠮ ᠡᠮᠨᠡᠯᠬᠡ᠎ᠶᠢᠨ ᠲᠠᠭᠠᠳᠭᠠᠯ᠎ᠤᠨ ᠲᠤᠬᠠᠢᠯᠠᠭᠰᠠᠨ ᠠᠵᠢᠯ᠎ᠢ ᠭᠦᠢᠴᠡᠳᠭᠡᠬᠦ ᠵᠡᠷᠭᠡ ᠴᠢᠳᠠᠮᠵᠢ᠎ᠲᠠᠢ᠎ᠶᠤᠮ᠂ ᠣᠯᠠᠨ ᠲᠦᠮᠡᠨ᠎ᠤ ᠢᠨᠲᠧᠷ ᠰᠦᠯᠵᠢᠶ᠎ᠡ ᠲᠡᠭᠡᠷ᠎ᠡ ᠡᠮ ᠡᠮᠨᠡᠯᠬᠡ᠎ᠶᠢᠨ ᠪᠠᠳᠤᠯᠠᠪᠤᠷᠢ᠎ᠶᠢᠨ ᠰᠠᠯᠠᠭ᠎ᠠ ᠮᠥᠴᠢᠷ᠎ᠤᠨ ᠡᠯ᠎ᠡ ᠵᠦᠢᠯ᠎ᠤᠨ ᠣᠯᠠᠨ ᠨᠡᠢᠲᠡ᠎ᠶᠢᠨ ᠦᠢᠯᠡᠴᠢᠯᠡᠭᠡ᠎ᠶᠢ ᠥᠨᠳᠦᠷ ᠪᠦᠲᠦᠮᠵᠢᠲᠡᠢ᠂ ᠠᠮᠤᠷ ᠲᠦᠪᠱᠢᠨ᠎ᠢᠶᠠᠷ ᠣᠯᠵᠤ ᠴᠢᠳᠠᠬᠤ᠎ᠶᠢ ᠦᠨᠡᠨ᠎ᠬᠦ ᠪᠠᠲᠤᠯᠠᠨ᠎ᠠ᠃ ᠲᠠᠭᠠᠳᠭᠠᠯ᠎ᠳᠤ ᠣᠷᠤᠯᠴᠠᠭᠴᠢ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ App᠎ᠪᠠᠷ ᠲᠠᠮᠵᠢᠭᠤᠯᠤᠨ᠂ ᠡᠰᠡᠬᠦᠯ᠎ᠡ ᠵᠢᠷᠬᠢᠶ᠎ᠠ᠂ ᠰᠦᠯᠵᠢᠶᠡᠨ ᠲᠤᠭᠠᠴᠠᠭᠤᠯᠤᠷ ᠵᠡᠷᠭᠡ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠎ᠠᠴᠠ ᠡᠷᠬᠡ ᠣᠯᠭᠤᠭᠰᠠᠨ ᠭᠤᠷᠪᠠᠳᠠᠬᠢ ᠡᠲᠡᠭᠡᠳ᠎ᠤᠨ ᠠᠷᠭ᠎ᠠ ᠵᠠᠮ᠎ᠢᠶᠠᠷ ᠲᠠᠮᠵᠢᠭᠤᠯᠵᠦ ᠠᠮᠢᠯᠠᠭᠤᠯᠤᠨ ᠠᠱᠢᠭᠯᠠᠵᠦ ᠪᠣᠯᠤᠨ᠎ᠠ᠃

  ᠠᠮᠤᠷ ᠳᠦᠪᠱᠢᠨ ᠴᠢᠨᠠᠷ᠎ᠤᠨ ᠲᠠᠯ᠎ᠠ᠎ᠪᠠᠷ᠂ ᠡᠮ ᠡᠮᠨᠡᠯᠭᠡ᠎ᠶᠢᠨ ᠲᠠᠭᠠᠳᠭᠠᠯ᠎ᠤᠨ ᠡᠯᠸᠺᠲᠷᠤᠨ ᠭᠡᠷᠡᠴᠢ ᠪᠠᠷᠢᠮᠲᠠ᠎ᠨᠢ ᠦᠨᠡᠨ᠎ᠨᠡᠷ᠎ᠡ᠂ ᠦᠨᠡᠨ ᠬᠥᠮᠦᠨ᠎ᠤ ᠭᠡᠷᠡᠴᠢᠯᠡᠯᠲᠡ᠎ᠪᠠᠷ ᠲᠠᠮᠵᠢᠭᠤᠯᠵᠤ᠂ ᠤᠯᠤᠰ᠎ᠲᠤ᠎ᠪᠠᠨ ᠦᠢᠯᠡᠳᠦᠭᠰᠡᠨ ᠨᠢᠭᠤᠴᠠᠯᠠᠨ ᠪᠣᠳᠤᠬᠤ᠂ ᠲᠣᠭ᠎ᠠ ᠪᠠᠷᠢᠮᠲᠠ᠎ᠶᠢ ᠨᠢᠭᠤᠴᠠᠯᠠᠨ ᠲᠠᠮᠵᠢᠭᠤᠯᠬᠤ᠂ ᠬᠥᠳᠡᠯᠦᠩᠭᠦᠢ ᠮᠡᠷᠬᠡᠨ ᠴᠤᠬᠤᠷ᠎ᠤᠨ ᠦᠵᠡᠭᠦᠯᠭᠡ᠎ᠶᠢ ᠬᠡᠷᠡᠭᠯᠡᠵᠦ᠂ ᠬᠤᠪᠢ ᠬᠥᠮᠦᠨ᠎ᠤ ᠮᠡᠳᠡᠭᠡ ᠵᠠᠩᠭᠢ ᠪᠠ ᠡᠮ ᠡᠮᠨᠡᠯᠭᠡ᠎ᠶᠢᠨ ᠲᠠᠭᠠᠳᠭᠠᠯ᠎ᠤᠨ ᠰᠠᠭᠤᠷᠢ ᠮᠥᠩᠭᠦᠨ᠎ᠤ ᠬᠡᠷᠡᠭᠯᠡᠯᠲᠡ᠎ᠶᠢᠨ ᠠᠮᠤᠷ ᠲᠦᠪᠱᠢᠨ᠎ᠢ ᠦᠨᠡᠨ᠎ᠬᠦ ᠪᠠᠲᠤᠯᠠᠨ᠎ᠠ᠃ ᠡᠭᠦᠨ᠎ᠢ ᠤᠯᠤᠰ᠎ᠤᠨ ᠡᠮ ᠡᠮᠨᠡᠯᠭᠡ᠎ᠶᠢᠨ ᠲᠠᠭᠠᠳᠭᠠᠯ᠎ᠤᠨ ᠮᠡᠳᠡᠭᠡ ᠵᠠᠩᠭᠢ᠎ᠶᠢᠨ ᠲᠠᠪᠴᠠᠩ ᠡᠴᠠ ᠨᠢᠭᠡᠳᠦᠯᠲᠡᠢ ᠦᠢᠯᠡᠳᠴᠤ᠂ ᠪᠠᠷᠢᠮᠵᠢᠶ᠎ᠠ᠎ᠨᠢ ᠪᠥᠬᠦ ᠤᠯᠤᠰ᠎ᠲᠤ ᠨᠢᠭᠡᠳᠦᠯᠲᠡᠢ ᠪᠠᠢᠵᠦ᠂ ᠣᠷᠤᠨ ᠪᠦᠰᠡ ᠠᠯᠤᠰᠯᠠᠨ ᠬᠠᠷᠢᠯᠴᠠᠨ ᠮᠡᠳᠡᠷᠡᠬᠦ ᠲᠤᠯᠠ᠂ ᠲᠠᠭᠠᠳᠭᠠᠯ᠎ᠳᠤ ᠣᠷᠤᠯᠴᠠᠭᠴᠢ ᠡᠭᠦᠨ᠎ᠢᠶᠡᠷ ᠪᠥᠬᠦ ᠤᠯᠤᠰ᠎ᠲᠤ ᠬᠣᠯᠪᠤᠭᠳᠠᠯ ᠪᠦᠬᠦᠢ ᠡᠮ ᠡᠮᠨᠡᠯᠭᠡ᠎ᠶᠢᠨ ᠲᠠᠭᠠᠳᠭᠠᠯ᠎ᠤᠨ ᠲᠤᠬᠠᠢᠯᠠᠭᠰᠠᠨ ᠠᠵᠢᠯ᠎ᠢ ᠭᠦᠢᠴᠡᠳᠭᠡᠵᠦ ᠪᠣᠯᠤᠨ᠎ᠠ᠃

  ᠬᠠᠷᠢᠭᠤᠴᠠᠭᠰᠠᠨ ᠨᠠᠢᠷᠠᠭᠤᠯᠤᠭᠴᠢ᠄ ᠰᠤᠪᠤᠳ

  ᠠᠷᠠᠳ᠎ᠤᠨ ᠰᠦᠯᠵᠢᠶᠡᠨ᠎ᠡᠴᠡ ᠱᠢᠯᠵᠢᠭᠦᠯᠦᠨ ᠨᠡᠢᠳᠡᠯᠡᠪᠡ

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604