ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢᠭᠤᠯᠤᠯᠳᠠ ᠪᠣᠯᠤᠨ ᠢᠯᠵᠡᠷᠡᠯ᠎ᠢ ᠡᠰᠡᠷᠭᠦᠴᠡᠬᠦ ᠠᠵᠢᠯ᠎ᠤᠨ ᠬᠦᠨᠵᠡᠬᠡᠢᠷᠡᠨ ᠬᠥᠭᠵᠢᠭᠦ᠎ᠶᠢ ᠠᠬᠢᠭᠤᠯᠬᠤ ᠬᠤᠷᠠᠯ ᠬᠤᠷᠠᠯᠳᠤᠪᠠ
2019.12.24

     ᠬᠡᠪᠯᠡᠯ᠎ᠤᠨ ᠠᠵᠢᠯ ᠳᠥᠷᠦᠯ᠎ᠤᠨ ᠰᠠᠬᠢᠯᠭ᠎ᠠ ᠪᠠᠳᠤ ᠪᠠ ᠬᠠᠤᠯᠢ᠎ᠶᠢ ᠵᠥᠷᠢᠴᠡᠭᠰᠡᠨ ᠨᠡᠢᠳᠡᠯᠢᠭ ᠬᠡᠷᠡᠭ᠎ᠤᠨ ᠵᠢᠱ᠌ᠢᠶ᠎ᠡ᠎ᠪᠡᠷ ᠳᠤᠯᠢ ᠪᠤᠯᠭᠠᠵᠦ᠂

    ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢᠭᠤᠯᠤᠯᠳᠠ ᠪᠣᠯᠤᠨ ᠢᠯᠵᠡᠷᠡᠯ᠎ᠢ ᠡᠰᠡᠷᠭᠦᠴᠡᠬᠦ ᠠᠵᠢᠯ᠎ᠤᠨ ᠬᠦᠨᠵᠡᠬᠡᠢᠷᠡᠨ ᠬᠥᠭᠵᠢᠭᠦ᠎ᠶᠢ ᠠᠬᠢᠭᠤᠯᠪᠠ

 

 

  10 ᠰᠠᠷ᠎ᠠ᠎ᠶᠢᠨ 15᠎ᠤ ᠡᠳᠦᠷ᠎ᠦᠨ ᠦᠳᠡ᠎ᠶᠢᠨ ᠡᠮᠦᠨ᠎ᠡ᠂ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠰᠡᠷᠡᠮᠵᠢᠬᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠵᠦ᠂ ᠣᠢᠷ᠎ᠠ᠎ᠶᠢᠨ ᠵᠢᠯ᠎ᠳᠤ ᠰᠣᠨᠢᠨ ᠮᠡᠳᠡᠭᠡ ᠬᠡᠪᠯᠡᠯ᠎ᠦᠨ ᠠᠵᠢᠯ ᠳᠥᠷᠦᠯ᠎ᠳᠤ ᠡᠭᠦᠰᠦᠭᠰᠡᠨ ᠰᠠᠬᠢᠯᠭ᠎ᠠ ᠪᠠᠳᠤ ᠪᠠ ᠬᠠᠤᠯᠢ᠎ᠶᠢ ᠵᠥᠷᠢᠴᠡᠭᠰᠡᠨ ᠨᠡᠢᠳᠡᠯᠢᠭ ᠬᠡᠷᠡᠭ᠎ᠦᠨ ᠵᠢᠱ᠌ᠢᠶ᠎ᠡ᠎ᠶᠢ ᠵᠠᠳᠠᠯᠬᠤ᠎ᠪᠡᠷ ᠳᠠᠮᠵᠢᠨ ᠬᠠᠵᠠᠭᠤ ᠬᠠᠪᠢ᠎ᠳᠤ ᠡᠭᠦᠰᠦᠭᠰᠡᠨ ᠬᠡᠷᠡᠭ ᠶᠠᠪᠤᠳᠠᠯ᠎ᠢᠶᠠᠷ ᠳᠤᠯᠢᠯᠠᠭᠤᠯᠤᠨ ᠰᠡᠷᠡᠮᠵᠢᠭᠦᠯᠬᠦ ᠬᠥᠮᠦᠵᠢᠯ ᠬᠢᠵᠡᠢ᠃ ᠪᠦᠯᠦᠭᠯᠡᠯ᠎ᠤᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠤᠷᠠᠯ᠎ᠳᠤ ᠰᠠᠭᠠᠳᠠᠵᠦ ᠴᠢᠬᠤᠯᠠ ᠶᠠᠷᠢᠶ᠎ᠠ ᠳᠠᠯᠪᠢᠪᠠ᠃ ᠪᠦᠯᠦᠭᠯᠡᠯ᠎ᠤᠨ ᠨᠠᠮ᠎ᠤᠨ ᠬᠣᠷᠢᠶᠠᠨ᠎ᠤ  ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ᠂ ᠶᠡᠷᠦᠩᠬᠡᠢ ᠨᠠᠢᠷᠠᠭᠤᠯᠤᠭᠴᠢ ᠴᠡᠴᠡᠭ ᠵᠡᠷᠭᠡ ᠤᠳᠤᠷᠢᠳᠤᠯᠭ᠎ᠠ ᠬᠤᠷᠠᠯ᠎ᠳᠤ ᠣᠷᠤᠯᠴᠠᠪᠠ᠃ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ ᠯᠢ ᠮᠸᠩ ᡁᠢ ᠬᠤᠷᠠᠯ᠎ᠢ ᠡᠷᠬᠢᠯᠡᠵᠦ ᠬᠡᠷᠡᠭ᠎ᠦᠨ  ᠵᠢᠱ᠌ᠢᠶ᠎ᠡ᠎ᠳᠤ ᠵᠠᠳᠠᠯᠤᠯᠳᠠ ᠬᠢᠪᠡ᠃

  ᠱᠤᠸᠠᠩ ᠯᠦᠩ ᠱᠦᠵᠢ ᠶᠠᠷᠢᠶᠠᠨ᠎ᠳᠤ᠎ᠪᠠᠨ ᠵᠢᠭᠠᠵᠦ ᠭᠠᠷᠭᠠᠭᠰᠠᠨ᠎ᠨᠢ᠂ ᠬᠡᠪᠯᠡᠯ᠎ᠦᠨ ᠠᠵᠢᠯ ᠳᠥᠷᠦᠯ᠎ᠳᠤ ᠡᠭᠦᠰᠦᠭᠰᠡᠨ ᠰᠠᠬᠢᠯᠭ᠎ᠠ ᠪᠠᠳᠤ ᠪᠠ ᠬᠠᠤᠯᠢ᠎ᠶᠢ ᠵᠥᠷᠢᠴᠡᠭᠰᠡᠨ ᠨᠡᠢᠳᠡᠯᠢᠭ ᠬᠡᠷᠡᠭ᠎ᠦᠨ  ᠵᠢᠱ᠌ᠢᠶ᠎ᠡ ᠪᠣᠯᠤᠨ ᠬᠠᠵᠠᠭᠤ ᠬᠠᠪᠢ᠎ᠳᠤ ᠡᠭᠦᠰᠦᠭᠰᠡᠨ ᠬᠡᠷᠡᠭ ᠶᠠᠪᠤᠳᠠᠯ᠎ᠢᠶᠠᠷ ᠰᠡᠷᠡᠮᠵᠢᠭᠦᠯᠬᠦ ᠬᠥᠮᠦᠵᠢᠯ ᠬᠢᠬᠦ᠎ᠨᠢ ᠳᠤᠩ ᠴᠢᠩᠭ᠎ᠠ ᠬᠠᠨᠳᠤᠯᠭᠠᠳᠤ ᠴᠢᠨᠠᠷ᠎ᠲᠠᠢ᠂ ᠪᠤᠳᠠᠳᠤ ᠪᠠᠢᠳᠠᠯ᠎ᠲᠠᠢ ᠨᠡᠩ ᠨᠡᠢᠴᠡᠵᠦ᠂ ᠠᠵᠢᠯ ᠳᠥᠷᠦᠯ᠎ᠤᠨ ᠣᠨᠴᠠᠯᠢᠭ᠎ᠲᠠᠢ ᠨᠡᠩ ᠲᠣᠬᠢᠷᠠᠨ᠎ᠠ᠂ ᠡᠳᠡᠭᠡᠷ ᠬᠡᠷᠡᠭ᠎ᠦᠨ  ᠵᠢᠱ᠌ᠢᠶ᠎ᠡ᠎ᠪᠡᠷ ᠯᠠᠪᠯᠠᠯᠳᠠ ᠪᠣᠯᠭᠠᠬᠤ᠎ᠨᠢ ᠮᠠᠨ᠎ᠤ ᠨᠠᠮ᠎ᠤᠨ ᠬᠡᠱᠢᠬᠦᠨ ᠺᠠᠳ᠋ᠷ ᠪᠠ ᠥᠷᠭᠡᠨ ᠤᠯᠠᠨ ᠠᠵᠢᠯᠳᠠᠨ᠎ᠢ ᠴᠠᠭ ᠢᠮᠠᠭᠳᠠ ᠰᠣᠨᠤᠷ ᠰᠡᠷᠡᠮᠵᠢ᠎ᠲᠠᠢ ᠪᠠᠢᠯᠭᠠᠵᠦ᠂ ᠬᠠᠵᠠᠭᠤ ᠬᠠᠪᠢ᠎ᠳᠤ ᠤᠷᠤᠱᠢᠵᠦ ᠪᠠᠢᠭ᠎ᠠ ᠤᠨᠠᠭᠤᠯᠢ᠎ᠳᠤ ᠬᠥᠯ ᠠᠯᠳᠠᠬᠤ᠎ᠡᠴᠡ ᠵᠠᠢᠯᠠᠭᠤᠯᠵᠦ ᠴᠢᠳᠠᠨ᠎ᠠ᠃

  ᠱᠤᠸᠠᠩ ᠯᠦᠩ ᠴᠢᠬᠤᠯᠠᠴᠢᠯᠠᠭᠰᠠᠨ᠎ᠨᠢ᠂ ᠪᠦᠯᠦᠭᠯᠡᠯ᠎ᠦᠨ ᠨᠠᠮ᠎ᠤᠨ ᠬᠡᠱᠢᠬᠦᠨ ᠤᠳᠤᠷᠢᠳᠭᠤ ᠺᠠᠳ᠋ᠷ ᠪᠣᠯᠤᠨ ᠠᠯᠪᠠᠨ ᠠᠵᠢᠯᠳᠠᠳ ᠡᠷᠬᠡᠪᠱᠢ ᠤᠯᠤᠰ ᠳᠦᠷᠦ᠎ᠶᠢᠨ ᠵᠣᠭᠰᠤᠴᠠ ᠪᠣᠯᠤᠨ ᠤᠬᠠᠮᠰᠠᠷ᠎ᠢᠶᠠᠨ ᠳᠠᠰᠤᠷᠠᠯᠳᠠ᠎ᠦᠭᠡᠢ ᠳᠡᠭᠡᠭᠱᠢᠯᠡᠭᠦᠯᠵᠦ᠂ ᠡᠷᠬᠡ ᠲᠤᠱᠢᠶᠠᠯ᠎ᠢᠶᠠᠨ ᠬᠡᠷᠡᠭᠵᠢᠭᠦᠯᠬᠦ᠎ᠳᠤ ᠬᠠᠤᠯᠢ ᠴᠠᠭᠠᠵᠠ ᠰᠠᠬᠢᠯᠭ᠎ᠠ ᠪᠠᠲᠤ ᠳᠦᠷᠢᠮ ᠳᠤᠭᠳᠠᠭᠠᠯ᠎ᠢ ᠴᠢᠩᠭ᠎ᠠ ᠵᠢᠷᠤᠮᠯᠠᠨ᠂ ᠨᠠᠮ᠎ᠤᠨ ᠰᠠᠬᠢᠯᠭ᠎ᠠ ᠪᠠᠳᠤ ᠤᠯᠤᠰ᠎ᠤᠨ ᠬᠠᠤᠯᠢ ᠴᠠᠭᠠᠵᠠ᠎ᠶᠢᠨ ᠡᠮᠦᠨ᠎ᠡ ᠴᠠᠭ ᠢᠮᠠᠭᠳᠠ ᠪᠢᠱᠢᠷᠡᠨ ᠵᠢᠷᠦᠬᠡᠱᠢᠶᠡᠬᠦ ᠲᠠᠨᠢᠯᠳᠠ᠎ᠲᠠᠢ ᠪᠠᠢᠬᠤ ᠬᠡᠷᠡᠭᠳᠡᠢ᠃ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠡᠮᠦᠨ᠎ᠡ ᠣᠨᠴᠠ ᠡᠷᠬᠡ ᠣᠷᠤᠱᠢᠬᠤ᠎ᠦᠭᠡᠢ᠂ ᠬᠢᠨᠠᠯᠳᠠ᠎ᠡᠴᠡ ᠰᠠᠯᠤᠩᠭᠢᠷᠠᠭᠰᠠᠨ ᠡᠷᠬᠡ ᠯᠠᠪᠳᠠᠢ ᠢᠯᠵᠡᠷᠡᠯ ᠳᠡᠢᠱᠢᠬᠡᠯ ᠪᠡᠢᠨ᠎ᠡ᠂ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠵᠠᠭᠠᠭ ᠱᠤᠭᠤᠮ᠎ᠢ ᠳᠠᠪᠠᠪᠠᠯ ᠳᠠᠷᠤᠢ ᠤᠯᠤᠰ ᠭᠡᠷ᠂ ᠨᠡᠢᠭᠡᠮ ᠨᠡᠢᠳᠡ᠎ᠳᠤ ᠬᠣᠬᠢᠷᠠᠯ ᠤᠴᠠᠷᠠᠭᠤᠯᠵᠦ᠂ ᠬᠤᠪᠢ ᠪᠡᠶ᠎ᠡ᠎ᠪᠡᠨ ᠬᠠᠷᠠᠯᠠᠭᠤᠯᠤᠨ᠎ᠠ ᠬᠡᠳᠡᠭ᠎ᠢ ᠴᠠᠭ ᠢᠮᠠᠭᠲᠠ ᠴᠡᠭᠡᠵᠢᠯᠡᠵᠦ ᠶᠠᠪᠤᠬᠤ ᠬᠡᠷᠡᠭᠳᠡᠢ᠃

  ᠱᠤᠸᠠᠩ ᠯᠦᠩ ᠱᠠᠭᠠᠷᠳᠠᠭᠰᠠᠨ᠎ᠨᠢ᠂ ᠪᠦᠯᠦᠭᠯᠡᠯ᠎ᠦᠨ ᠪᠦᠬᠦ ᠨᠠᠮ᠎ᠤᠨ ᠬᠡᠱᠢᠬᠦᠨ ᠺᠠᠳ᠋ᠷᠴᠤᠳ ᠨᠡᠢᠳᠡᠯᠢᠭ ᠬᠡᠷᠡᠭ᠎ᠦᠨ  ᠵᠢᠱ᠌ᠢᠶ᠎ᠡ᠎ᠡᠴᠡ ᠭᠦᠨ ᠰᠤᠷᠭᠠᠮᠵᠢ ᠠᠪᠴᠤ ᠴᠡᠭᠡᠷᠯᠡᠯ ᠪᠣᠯᠭᠠᠨ᠂ ᠦᠵᠡᠯ ᠰᠠᠨᠠᠭᠠᠨ᠎ᠤ ᠰᠡᠷᠬᠡᠢᠯᠡᠯᠳᠡ᠎ᠶᠢᠨ ᠱᠤᠭᠤᠮ᠂ ᠶᠣᠰᠤ ᠰᠤᠷᠳᠠᠬᠤᠨ᠎ᠤ ᠰᠠᠭᠤᠷᠢ ᠱᠤᠭᠤᠮ ᠪᠣᠯᠤᠨ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠤᠯᠠᠭᠠᠨ ᠱᠤᠭᠤᠮ᠎ᠢ ᠪᠠᠲᠤᠯᠠᠨ ᠰᠠᠬᠢᠵᠦ᠂ ᠤᠯᠤᠰ ᠳᠦᠷᠦ᠎ᠶᠢᠨ ᠰᠠᠬᠢᠯᠭ᠎ᠠ ᠪᠠᠳᠤ ᠪᠣᠯᠤᠨ ᠳᠦᠷᠢᠮ ᠭᠣᠷᠢᠮ᠎ᠢ ᠢᠮᠠᠭᠳᠠ ᠴᠢᠩᠭ᠎ᠠ ᠰᠠᠬᠢᠵᠦ᠂ ᠬᠦᠰᠡᠯ ᠢᠳᠡᠭᠡᠯ᠎ᠢᠶᠡᠨ ᠪᠠᠳᠤᠳᠭᠠᠨ᠂ ᠰᠠᠨᠠᠭᠠᠴᠢᠯᠠᠭ᠎ᠠ᠎ᠡᠴᠡ᠎ᠪᠠᠨ ᠬᠢᠨᠠᠯᠳᠠ᠎ᠶᠢ ᠬᠦᠯᠢᠶᠡᠵᠦ᠂ ᠰᠠᠬᠢᠯᠭ᠎ᠠ ᠪᠠᠲᠤ᠎ᠶᠢᠨ ᠡᠮᠦᠨ᠎ᠡ ᠪᠢᠱᠢᠷᠡᠨ ᠵᠢᠷᠦᠬᠡᠱᠢᠶᠡᠬᠦ ᠤᠬᠠᠮᠰᠠᠷ ᠪᠠᠢᠬᠤ ᠬᠡᠷᠡᠭᠳᠡᠢ᠃ ᠵᠠᠷᠴᠢᠮ᠎ᠤᠨ ᠠᠰᠠᠭᠤᠳᠠᠯ ᠳᠡᠭᠡᠷ᠎ᠡ ᠵᠣᠭᠰᠤᠴᠠ᠎ᠪᠠᠨ ᠪᠠᠳᠤ᠂ ᠣᠪᠤᠷ᠎ᠢᠶᠠᠨ ᠪᠠᠳᠤ ᠪᠠᠢᠯᠭᠠᠵᠦ᠂ ᠶᠡᠬᠡ ᠠᠰᠠᠭᠤᠳᠠᠯ᠎ᠤᠨ ᠡᠮᠦᠨ᠎ᠡ ᠡᠷᠡᠰ ᠲᠠᠰᠤ ᠣᠪᠤᠷ᠎ᠢᠶᠠᠨ ᠪᠠᠷᠢᠮᠳᠠᠯᠠᠵᠦ᠂ ᠡᠯ᠎ᠡ ᠵᠦᠢᠯ᠎ᠦᠨ ᠳᠦᠬᠡᠷᠢᠭᠳᠡᠬᠦᠯᠦᠯ᠎ᠦᠨ ᠡᠮᠦᠨ᠎ᠡ ᠭᠤᠢᠪᠢᠯᠵᠠᠬᠤ᠎ᠦᠭᠡᠢ ᠪᠠᠢᠬᠤ ᠬᠡᠷᠡᠭᠳᠡᠢ᠃

  ᠱᠤᠸᠠᠩ ᠯᠦᠩ ᠪᠠᠰᠠ ᠱᠠᠭᠠᠷᠳᠠᠭᠰᠠᠨ᠎ᠨᠢ᠂ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠯᠳᠠ ᠳᠠᠯᠪᠢᠬᠤ ᠬᠠᠷᠢᠭᠤᠴᠠᠯᠭ᠎ᠠ᠎ᠪᠠᠨ ᠰᠠᠢᠳᠤᠷ ᠬᠦᠢᠴᠡᠳᠬᠡᠵᠦ᠂ ᠪᠦᠯᠦᠭᠯᠡᠯ᠎ᠦᠨ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠨ᠂ ᠡᠳᠦᠷ ᠳᠣᠳᠤᠮ᠎ᠤᠨ ᠬᠠᠮᠢᠶᠠᠷᠤᠯᠳᠠ᠎ᠶᠢ ᠴᠢᠩᠭᠠᠳᠭᠠᠵᠦ᠂ ᠬᠠᠷᠢᠭᠤᠴᠠᠯᠭ᠎ᠠ᠎ᠶᠢ ᠰᠠᠢᠳᠤᠷ ᠨᠠᠢᠳᠠᠪᠤᠷᠢᠵᠢᠭᠤᠯᠤᠨ᠂ ᠨᠠᠮ᠎ᠢ ᠪᠦᠬᠦ ᠲᠠᠯ᠎ᠠ᠎ᠪᠡᠷ ᠴᠢᠩᠭ᠎ᠠ ᠵᠠᠰᠠᠬᠤ᠎ᠶᠢ ᠴᠢᠨᠠᠭᠱᠢᠳᠠ ᠬᠦᠨᠵᠡᠬᠡᠢᠷᠡᠬᠦᠯᠦᠨ ᠬᠥᠭᠵᠢᠭᠦᠯᠬᠦ ᠬᠡᠷᠡᠭᠳᠡᠢ᠃

  ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠱᠦᠵᠢ ᠯᠢ ᠮᠸᠩ ᡁᠢ ᠣᠢᠷ᠎ᠠ᠎ᠶᠢᠨ ᠵᠢᠯ᠎ᠳᠤ ᠰᠣᠨᠢᠨ ᠮᠡᠳᠡᠭᠡ ᠬᠡᠪᠯᠡᠯ᠎ᠦᠨ ᠠᠵᠢᠯ ᠳᠥᠷᠦᠯ᠎ᠳᠤ ᠡᠭᠦᠰᠦᠭᠰᠡᠨ ᠰᠠᠬᠢᠯᠭ᠎ᠠ ᠪᠠᠳᠤ ᠪᠠ ᠬᠠᠤᠯᠢ᠎ᠶᠢ ᠵᠥᠷᠢᠴᠡᠭᠰᠡᠨ 19 ᠨᠡᠢᠳᠡᠯᠢᠭ ᠬᠡᠷᠡᠭ᠎ᠦᠨ  ᠵᠢᠱ᠌ᠢᠶ᠎ᠡ᠎ᠶᠢ ᠡᠮᠬᠢᠯᠡᠨ᠂ ᠭᠣᠤᠯᠳᠠᠯᠭ᠎ᠠ᠎ᠲᠠᠢ 5 ᠨᠡᠢᠳᠡᠯᠢᠭ ᠬᠡᠷᠡᠭ᠎ᠦᠨ  ᠵᠢᠱ᠌ᠢᠶ᠎ᠡ᠎ᠳᠤ ᠵᠠᠳᠠᠯᠤᠯᠳᠠ ᠬᠢᠵᠦ᠂ ᠪᠦᠯᠦᠭᠯᠡᠯ᠎ᠦᠨ ᠥᠷᠭᠡᠨ ᠤᠯᠠᠨ ᠨᠠᠮ᠎ᠤᠨ ᠬᠡᠱᠢᠬᠦᠨ ᠤᠳᠤᠷᠢᠳᠭᠤ ᠺᠠᠳ᠋ᠷ ᠡᠭᠦᠨ᠎ᠡᠴᠡ ᠰᠤᠷᠭᠠᠮᠵᠢ ᠰᠡᠷᠡᠮᠵᠢ ᠠᠪᠬᠤ᠎ᠶᠢ ᠱᠠᠭᠠᠷᠳᠠᠪᠠ᠃ ᠯᠢ ᠱᠦᠵᠢ ᠡᠳᠡᠭᠡᠷ ᠬᠠᠤᠯᠢ᠎ᠡᠴᠡ ᠵᠥᠷᠢᠴᠡᠨ ᠰᠠᠬᠢᠯᠭ᠎ᠠ ᠪᠠᠲᠤ᠎ᠡᠴᠡ ᠵᠥᠷᠢᠴᠡᠭᠰᠡᠨ ᠨᠡᠢᠳᠡᠯᠢᠭ ᠭᠡᠷᠡᠭ᠎ᠦᠨ  ᠵᠢᠱ᠌ᠢᠶ᠎ᠡ᠎ᠶᠢᠨ ᠪᠦᠯᠦᠭᠯᠡᠯ᠎ᠦᠨ ᠨᠠᠮ᠎ᠤᠨ ᠭᠡᠱᠢᠭᠦᠨ ᠺᠠᠳ᠋ᠷ᠎ᠲᠤ ᠥᠭᠭᠦᠭᠰᠡᠨ ᠭᠤᠷᠪᠠᠨ ᠰᠡᠷᠡᠮᠵᠢ᠎ᠶᠢ ᠳᠤᠷᠠᠳᠪᠠ᠄ ᠨᠢᠭᠡ᠎ᠳᠤ᠂ ᠤᠯᠤᠰ ᠳᠦᠷᠦ᠎ᠶᠢᠨ ᠣᠪᠤᠷ ᠦᠨᠡᠨᠴᠢ ᠪᠤᠰᠤ᠂ ᠢᠳᠡᠭᠡᠯ ᠪᠢᠱᠢᠷᠡᠯ ᠪᠠᠳᠤ ᠪᠤᠰᠤ ᠪᠠᠢᠪᠠᠰᠤ ᠤᠭ ᠰᠠᠨᠠᠭ᠎ᠠ ᠡᠷᠬᠡ᠎ᠦᠭᠡᠢ ᠢᠯᠵᠠᠷᠠᠨ ᠳᠤᠷᠤᠢᠳᠠᠵᠦ᠂ ᠨᠡᠢᠭᠡᠮ ᠨᠡᠢᠳᠡ᠎ᠳᠤ ᠬᠣᠬᠢᠷᠠᠯ ᠤᠴᠠᠷᠠᠭᠤᠯᠤᠨ᠎ᠠ᠃ ᠬᠤᠶᠠᠷ᠎ᠲᠤ᠂ ᠡᠳ ᠮᠥᠩᠭᠦ ᠪᠠ ᠪᠣᠳᠠᠰ᠎ᠤᠨ ᠠᠮᠢᠳᠤᠷᠠᠯ᠎ᠢ ᠥᠨᠭᠭᠡᠷᠡᠦ ᠬᠦᠬᠡᠬᠡᠴᠡᠯᠳᠦᠪᠠᠰᠤ ᠡᠷᠬᠡ ᠳᠤᠱᠢᠶᠠᠯ ᠵᠠᠢᠯᠠᠱᠢ᠎ᠦᠭᠡᠢ ᠬᠤᠪᠢ᠎ᠶᠢᠨ ᠭᠠᠷ᠎ᠲᠤ ᠤᠷᠤᠵᠦ᠂ ᠥᠪᠡᠷ ᠪᠡᠶ᠎ᠡ᠎ᠴᠢᠨᠢ ᠥᠷᠦᠭᠡᠯ ᠪᠤᠰᠤᠳ᠎ᠤᠨ ᠬᠠᠷᠠᠯᠳᠠ ᠪᠣᠯᠤᠨ᠎ᠠ᠃ ᠭᠤᠷᠪᠠ᠎ᠳᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ᠎ᠶᠢ ᠦᠯᠦ ᠣᠢᠱᠢᠶᠠᠨ ᠵᠣᠬᠢᠶᠠᠨ ᠪᠠᠢᠭᠤᠯᠤᠯᠳᠠ᠎ᠶᠢᠨ ᠬᠢᠨᠠᠯᠳᠠ᠎ᠶᠢ ᠦᠯᠦ ᠬᠠᠢᠬᠤᠷᠪᠠᠰᠤ ᠤᠯᠠᠭᠠᠨ ᠱᠤᠭᠤᠮ ᠡᠷᠬᠡ᠎ᠦᠭᠡᠢ ᠳᠠᠯᠬᠢᠭᠳᠠᠵᠦ᠂ ᠡᠷᠬᠡ ᠳᠤᠱᠢᠶᠠᠯ ᠭᠠᠵᠢᠨ ᠰᠣᠯᠢᠭᠤᠷᠠᠬᠤ ᠪᠣᠯᠤᠨ᠎ᠠ᠃

  ᠪᠦᠯᠦᠭᠯᠡᠯ᠎ᠦᠨ ᠶᠡᠷᠦᠩᠬᠡᠢ ᠵᠠᠬᠢᠷᠭ᠎ᠠ᠎ᠶᠢᠨ ᠪᠦᠬᠦ ᠺᠠᠳ᠋ᠷ ᠠᠵᠢᠯᠳᠠᠨ᠂ ᠬᠥᠬᠡᠬᠤᠲᠠ᠎ᠳᠤ ᠰᠠᠭᠤᠭ᠎ᠠ ᠡᠯ᠎ᠡ ᠨᠢᠭᠡᠴᠢ᠎ᠶᠢᠨ ᠤᠳᠤᠷᠢᠳᠭᠤ ᠪᠠᠭ᠎ᠤᠨ ᠬᠡᠱᠢᠬᠦᠨ᠂ ᠬᠠᠷᠢᠶᠠᠳᠤ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠳᠠ᠎ᠶᠢᠨ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠡᠱᠢᠬᠦᠨ ᠬᠤᠷᠠᠯ᠎ᠳᠤ ᠣᠷᠤᠯᠴᠠᠵᠠᠢ᠃

  ᠣᠷᠴᠢᠭᠤᠯᠤᠭᠴᠢ᠄ ᠲᠡᠷᠭᠡᠯ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604