ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠠᠯᠪᠠᠨ ᠪᠢᠴᠢᠭ ᠵᠣᠬᠢᠶᠠᠨ ᠪᠢᠴᠢᠬᠦ ᠪᠠ ᠪᠢᠴᠢᠭ ᠬᠠᠷ᠎ᠠ᠎ᠶᠢᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠴᠢᠳᠠᠪᠤᠷᠢ᠎ᠶᠢ ᠲᠡᠭᠡᠭᠱᠢᠯᠡᠭᠦᠯᠬᠦ᠎ᠠᠩᠭᠢ ᠡᠷᠭᠢᠯᠡᠪ
2019.12.24

    ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠠᠯᠪᠠᠨ ᠪᠢᠴᠢᠭ ᠵᠣᠬᠢᠶᠠᠨ ᠪᠢᠴᠢᠬᠦ ᠪᠠ ᠪᠢᠴᠢᠭ ᠬᠠᠷ᠎ᠠ᠎ᠶᠢᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠴᠢᠳᠠᠪᠤᠷᠢ᠎ᠶᠢ

    ᠲᠡᠭᠡᠭᠱᠢᠯᠡᠭᠦᠯᠬᠦ᠎ᠶᠢᠨ ᠲᠤᠰᠠᠳᠠ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠲᠤᠬᠠᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠡᠷᠭᠢᠯᠡᠪᠡ

 

  ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠠᠯᠪᠠᠨ ᠪᠢᠴᠢᠭ ᠵᠣᠬᠢᠶᠠᠨ ᠪᠢᠴᠢᠬᠦ ᠪᠠ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ᠎ᠶᠢᠨ ᠲᠥᠯᠦᠭᠡ᠂ 2 ᠰᠠᠷ᠎ᠠ᠎ᠶᠢᠨ 28᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠨᠢᠭᠡ ᠬᠤᠭᠤᠴᠠᠭᠠᠨ᠎ᠤ ᠮᠡᠳᠡᠭᠡᠯᠡᠯ ᠮᠡᠳᠡᠭᠦᠯᠦᠨ ᠬᠦᠷᠭᠡᠬᠦ᠂ ᠠᠯᠪᠠᠨ ᠪᠢᠴᠢᠭ ᠵᠣᠬᠢᠶᠠᠨ ᠪᠢᠴᠢᠬᠦ ᠪᠠ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠴᠢᠳᠠᠪᠤᠷᠢ᠎ᠶᠢ ᠲᠡᠭᠡᠭᠱᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ ᠬᠠᠷᠢᠶ᠎ᠠ ᠨᠢᠭᠡᠴᠢ᠎ᠶᠢᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠠᠰᠤ ᠴᠢᠨᠠᠷ ᠪᠠ ᠠᠯᠪᠠᠨ ᠪᠢᠴᠢᠭ ᠵᠣᠬᠢᠶᠠᠨ ᠪᠢᠴᠢᠬᠦ᠂ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠴᠢᠳᠠᠪᠤᠷᠢ᠎ᠶᠢ ᠲᠡᠭᠡᠭᠱᠢᠯᠡᠭᠦᠯᠬᠦ᠎ᠪᠠᠷ ᠵᠣᠷᠢᠵᠠᠢ᠃ ᠬᠡᠪᠯᠡᠯ᠎ᠤᠨ ᠪᠦᠯᠦᠭᠯᠡᠯ᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠲᠠᠭᠠᠭᠠᠮᠠᠯ ᠽᠧᠩ ᠬᠠᠨ ᠰᠤᠷᠤᠯᠭ᠎ᠠ ᠡᠬᠢᠯᠡᠬᠦ ᠶᠣᠰᠤᠯᠠᠯ᠎ᠳᠤ ᠣᠷᠤᠯᠴᠠᠵᠤ ᠶᠠᠷᠢᠶ᠎ᠠ ᠲᠠᠯᠪᠢᠪᠠ᠃ ᠪᠦᠯᠦᠭᠯᠡᠯ᠎ᠤᠨ ᠳᠡᠳ᠋ ᠶᠡᠷᠦᠩᠬᠡᠢ ᠲᠠᠭᠠᠭᠠᠮᠠᠯ ᠸᠴᠢᠷ ᠰᠤᠷᠤᠯᠭ᠎ᠠ ᠡᠬᠢᠯᠡᠬᠦ ᠶᠣᠰᠤᠯᠠᠯ᠎ᠢ ᠡᠷᠬᠢᠯᠡᠵᠡᠢ᠃

  28᠎ᠤ ᠦᠳᠡ᠎ᠶᠢᠨ ᠬᠣᠢᠨ᠎ᠠ᠂ ᠬᠡᠪᠯᠡᠯ᠎ᠤᠨ ᠪᠦᠯᠦᠭᠯᠡᠯ ᠥᠪᠦᠷ ᠮᠣᠩᠭᠤᠯ᠎ᠤᠨ ᠲᠠᠩᠰᠠ ᠡᠪᠬᠡᠮᠡᠯ᠎ᠦᠨ ᠣᠷᠳᠤᠨ᠎ᠤ ᠺᠧ ᠸᠧᠢ ᠰᠤᠳᠤᠯᠤᠭᠴᠢ᠎ᠶᠢ ᠲᠤᠰᠭᠠᠢᠯᠠᠨ ᠤᠷᠢᠵᠤ ᠬᠢᠴᠢᠶᠡᠯ ᠣᠷᠤᠭᠤᠯᠪᠠ᠃ ᠺᠧ ᠸᠧᠢ ᠰᠤᠳᠤᠯᠤᠭᠴᠢ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠪᠠ ᠲᠠᠩᠰᠠ ᠡᠪᠬᠡᠮᠡᠯ᠎ᠢ ᠬᠠᠳᠠᠭᠠᠯᠠᠬᠤ ᠵᠡᠷᠭᠡ ᠲᠠᠯ᠎ᠠ᠎ᠪᠠᠷ ᠬᠣᠯᠪᠤᠭᠳᠠᠯ ᠪᠦᠬᠦᠢ ᠱᠠᠭᠠᠷᠳᠠᠯᠭ᠎ᠠ᠎ᠲᠠᠢ ᠤᠶᠠᠯᠳᠤᠭᠤᠯᠤᠨ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠦᠮᠵᠢ ᠬᠢᠵᠠᠢ᠃ ᠬᠢᠴᠢᠶᠡᠯ᠎ᠤᠨ ᠠᠭᠤᠯᠭ᠎ᠠ᠎ᠨᠢ ᠪᠣᠳᠠᠲᠤ ᠪᠠᠢᠳᠠᠯ᠎ᠲᠠᠢ ᠨᠢᠭᠲᠠ ᠤᠶᠠᠯᠳᠤᠵᠤ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠦᠢᠯᠡᠳᠦᠯ ᠪᠣᠯᠤᠨ ᠴᠢᠬᠤᠯᠠ ᠴᠢᠨᠠᠷ᠎ᠢ ᠠᠭᠤᠯᠵᠤ᠂ ᠪᠠᠰᠠ ᠪᠣᠳᠠᠲᠠᠢ ᠠᠵᠢᠯ᠎ᠤᠨ ᠳᠤᠮᠳᠠ ᠬᠡᠷᠡᠭᠯᠡᠭᠳᠡᠬᠦ ᠬᠠᠮᠢᠶᠠᠷᠤᠯᠲᠠ᠎ᠶᠢᠨ ᠠᠵᠢᠯᠯᠠᠭᠠᠨ᠎ᠤ ᠠᠵᠢᠯᠯᠠᠬᠤ ᠱᠠᠭᠠᠷᠳᠠᠯᠭ᠎ᠠ ᠠᠭᠤᠯᠤᠭᠰᠠᠨ ᠪᠠᠢᠨ᠎ᠠ᠃ ᠲᠡᠷᠡ ᠪᠠᠰᠠ ᠰᠤᠷᠤᠯᠴᠠᠭᠴᠢᠳ᠎ᠤᠨ ᠠᠵᠢᠯ᠎ᠤᠨ ᠳᠤᠮᠳᠠ ᠤᠷᠤᠱᠢᠬᠤ ᠠᠰᠠᠭᠤᠳᠠᠯ᠎ᠳᠤ ᠬᠠᠷᠢᠭᠤᠯᠲᠠ ᠥᠭᠭᠦᠭᠰᠡᠨ ᠪᠥᠭᠡᠳ ᠪᠣᠳᠠᠲᠠᠢ ᠵᠢᠯᠤᠭᠤᠳᠭᠤ ᠰᠠᠨᠠᠯ ᠳᠤᠷᠠᠳᠴᠠᠢ᠃

  ᠨᠠᠮ᠎ᠤᠨ ᠬᠣᠷᠢᠶᠠᠨ᠎ᠤ  ᠳᠡᠳ᠋ ᠱᠦᠵᠢ᠂ ᠶᠡᠷᠦᠩᠬᠡᠢ ᠲᠠᠭᠠᠭᠠᠮᠠᠯ ᠽᠧᠩ ᠬᠠᠨ ᠰᠤᠷᠤᠯᠭ᠎ᠠ ᠡᠬᠢᠯᠡᠬᠦ ᠶᠣᠰᠤᠯᠠᠯ ᠲᠡᠭᠡᠷ᠎ᠡ ᠶᠠᠷᠢᠶ᠎ᠠ ᠲᠠᠯᠪᠢᠬᠤ᠎ᠶᠢᠨ ᠬᠠᠮᠲᠤ ᠪᠣᠯᠪᠠᠰᠤᠷᠠᠯ᠎ᠳᠤ ᠣᠷᠤᠯᠴᠠᠬᠤ ᠡᠯ᠎ᠡ ᠨᠢᠭᠡᠴᠢ᠎ᠶᠢᠨ ᠠᠵᠢᠯᠲᠠᠨ᠎ᠤ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ᠎ᠢᠶᠠᠨ ᠴᠠᠭ ᠲᠤᠬᠠᠢ᠎ᠳᠤ᠎ᠨᠢ᠂ ᠣᠨᠤᠪᠴᠢᠲᠠᠢ᠂ ᠪᠥᠬᠦ ᠲᠠᠯ᠎ᠠ᠎ᠪᠠᠷ ᠮᠡᠳᠡᠭᠦᠯᠦᠨ ᠬᠦᠷᠭᠡᠬᠦ ᠬᠡᠷᠡᠭᠲᠡᠢ ᠭᠡᠰᠡᠨ ᠵᠣᠷᠢᠭ ᠰᠠᠨᠠᠭ᠎ᠠ᠎ᠶᠢ ᠳᠣᠪᠤᠢᠯᠭᠠᠵᠤ᠂ ᠮᠡᠳᠡᠭᠡ ᠵᠠᠩᠭᠢ᠎ᠶᠢᠨ ᠦᠵᠡᠯ ᠰᠠᠨᠠᠭᠠᠴᠢ ᠴᠢᠨᠠᠷ᠎ᠢ ᠴᠢᠬᠤᠯᠠᠴᠢᠯᠠᠵᠤ᠂ ᠯᠠᠪᠯᠠᠯᠲᠠ ᠪᠣᠯᠭᠠᠬᠤ ᠴᠢᠨᠠᠷ᠎ᠢ ᠳᠣᠪᠤᠢᠯᠭᠠᠵᠤ᠂ ᠮᠡᠳᠡᠭᠦᠯᠦᠨ ᠬᠦᠷᠭᠡᠬᠦ ᠶᠠᠰᠤ ᠴᠢᠨᠠᠷ᠎ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠠᠯᠪᠠᠨ ᠪᠢᠴᠢᠭ ᠪᠢᠴᠢᠬᠦ ᠪᠣᠯᠪᠠᠰᠤᠷᠠᠯ᠎ᠤᠨ ᠲᠠᠯ᠎ᠠ᠎ᠪᠠᠷ 《ᠬᠥᠯ ᠬᠥᠩᠭᠡᠨ᠂ ᠨᠢᠳᠦ ᠭᠢᠷᠠᠬᠠᠢ᠂ ᠲᠠᠷᠢᠬᠢ ᠰᠡᠷᠭᠦᠯᠡᠩ᠂ ᠪᠢᠷ ᠬᠤᠷᠴᠠ》 ᠪᠠᠢᠬᠤ᠎ᠨᠢ ᠬᠡᠪᠯᠡᠯ᠎ᠤᠨ ᠠᠵᠢᠯ ᠲᠥᠷᠦᠯ᠎ᠤᠨ ᠬᠢᠨ᠎ᠳᠤ ᠨᠡᠩ ᠴᠢᠬᠤᠯᠠ᠎ᠲᠠᠢ᠂ ᠲᠣᠰ ᠤᠳᠠᠭᠠᠨ᠎ᠤ ᠪᠣᠯᠪᠠᠰᠤᠷᠠᠯ᠎ᠢᠶᠠᠷ ᠳᠠᠮᠵᠢᠭᠤᠯᠵᠤ᠂ ᠠᠯᠪᠠᠨ ᠪᠢᠴᠢᠭ ᠪᠢᠴᠢᠬᠦ ᠶᠠᠪᠤᠴᠠ᠎ᠳᠤ᠎ᠪᠠᠨ ᠪᠢᠷ᠎ᠤᠨ ᠡᠷᠴᠢ᠎ᠪᠠᠨ ᠴᠢᠩᠭᠠᠯᠠᠬᠤ ᠬᠡᠷᠡᠭᠲᠡᠢ ᠭᠡᠪᠡ᠃ ᠰᠤᠷᠤᠯᠴᠠᠭᠴᠢᠳ᠎ᠲᠤ᠂ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠠᠵᠢᠯ᠎ᠢᠶᠠᠨ ᠲᠠᠰᠤᠷᠠᠯᠲᠠ᠎ᠦᠭᠡᠢ ᠰᠠᠢᠵᠢᠷᠠᠭᠤᠯᠤᠨ ᠲᠡᠭᠦᠯᠳᠡᠷᠵᠢᠭᠦᠯᠵᠦ᠂ ᠪᠦᠯᠦᠭᠯᠡᠯ᠎ᠤᠨ ᠡᠯ᠎ᠡ ᠲᠠᠯ᠎ᠠ᠎ᠶᠢᠨ ᠬᠥᠭᠵᠢᠯᠲᠡ᠎ᠲᠠᠢ ᠨᠢᠭᠡ ᠬᠢᠷᠢ ᠲᠦᠪᠱᠢᠨ᠎ᠳᠤ ᠪᠠᠢᠯᠭᠠᠬᠤ᠎ᠶᠢ ᠪᠠᠲᠤᠯᠠᠬᠤ ᠬᠡᠷᠡᠭᠲᠡᠢ ᠭᠡᠬᠦ ᠱᠠᠭᠠᠷᠳᠠᠯᠭ᠎ᠠ ᠳᠤᠷᠠᠳᠪᠠ᠃

  ᠽᠧᠩ ᠬᠠᠨ ᠴᠢᠬᠤᠯᠠᠴᠢᠯᠠᠭᠰᠠᠨ᠎ᠨᠢ᠂ ᠡᠯ᠎ᠡ ᠨᠢᠭᠡᠴᠢ᠎ᠶᠢᠨ ᠠᠯᠪᠠᠨ ᠲᠠᠰᠤᠭ᠎ᠤᠨ ᠠᠵᠢᠯᠲᠠᠳ ᠡᠷᠬᠡᠪᠱᠢ ᠨᠢᠭᠤᠴᠠ ᠬᠠᠮᠠᠭᠠᠯᠠᠬᠤ ᠴᠢᠩᠭ᠎ᠠ ᠤᠬᠠᠮᠰᠠᠷ᠎ᠢ ᠪᠣᠢ ᠪᠣᠯᠵᠤ᠂ ᠨᠢᠭᠤᠴᠠ ᠬᠠᠮᠠᠭᠠᠯᠠᠬᠤ ᠲᠣᠭᠲᠠᠭᠠᠯ᠎ᠢ ᠵᠢᠷᠤᠮᠯᠠᠨ᠂ ᠨᠢᠭᠤᠴᠠ ᠬᠠᠮᠠᠭᠠᠯᠠᠬᠤ ᠰᠠᠬᠢᠯᠭ᠎ᠠ ᠪᠠᠲᠤ᠎ᠶᠢ ᠰᠠᠬᠢᠬᠤ ᠬᠡᠷᠡᠭᠲᠡᠢ᠃ ᠨᠢᠭᠤᠴᠠ ᠬᠠᠮᠠᠭᠠᠯᠠᠬᠤ ᠠᠵᠢᠯ᠎ᠢ ᠴᠢᠩᠭᠠᠳᠭᠠᠬᠤ᠎ᠳᠤ ᠠᠱᠢᠭᠲᠠᠢ ᠡᠭᠦᠳᠡᠨ᠎ᠠᠴᠠ ᠴᠠᠭ ᠢᠮᠠᠭᠲᠠ ᠨᠢᠭᠤᠴᠠ ᠬᠠᠮᠠᠭᠠᠯᠠᠬᠤ ᠵᠦᠢᠯᠡᠰ᠎ᠲᠦ ᠰᠣᠨᠤᠷ ᠰᠡᠷᠡᠮᠵᠢ ᠪᠠᠢᠬᠤ ᠮᠡᠳᠡᠷᠡᠮᠵᠢ᠎ᠪᠠᠨ ᠲᠡᠭᠡᠭᠱᠢᠯᠡᠭᠦᠯᠦᠨ᠂ ᠨᠢᠭᠤᠴᠠ ᠬᠠᠮᠠᠭᠠᠯᠠᠬᠤ ᠵᠦᠢᠯᠡᠰ᠎ᠢ 《ᠬᠡᠯᠡᠬᠦ᠎ᠦᠭᠡᠢ᠂ ᠠᠰᠠᠭᠤᠬᠤ᠎ᠦᠭᠡᠢ᠂ ᠶᠠᠷᠢᠯᠴᠠᠬᠤ᠎ᠦᠭᠡᠢ》 ᠪᠠᠢᠬᠤ ᠬᠡᠷᠡᠭᠲᠡᠢ ᠭᠡᠵᠡᠢ᠃

  ᠽᠧᠩ ᠬᠠᠨ ᠵᠢᠭᠠᠵᠤ ᠭᠠᠷᠭᠠᠭᠰᠠᠨ᠎ᠨᠢ᠂ ᠠᠯᠪᠠᠨ ᠲᠠᠰᠤᠭ ᠪᠣᠯ ᠨᠢᠭᠡ ᠨᠢᠭᠡᠴᠢ᠎ᠶᠢᠨ ᠲᠡᠩᠭᠡᠯᠢᠭ᠎ᠤᠨ ᠠᠵᠢᠯᠯᠠᠭᠠᠨ᠎ᠤ ᠲᠠᠰᠤᠭ ᠮᠥᠨ᠂ ᠲᠡᠭᠦᠨ᠎ᠤ ᠪᠦᠲᠦᠮᠵᠢ᠎ᠨᠢ ᠪᠦᠬᠦᠢᠯᠡ ᠨᠢᠭᠡᠴᠢ᠎ᠶᠢᠨ ᠠᠵᠢᠯ᠎ᠤᠨ ᠪᠦᠲᠦᠮᠵᠢ᠎ᠶᠢᠨ ᠰᠠᠢᠨ ᠮᠠᠭᠤ᠂ ᠠᠵᠢᠯ᠎ᠤᠨ ᠬᠠᠷᠠᠯᠲᠠ᠎ᠪᠠᠨ ᠪᠡᠶᠡᠯᠡᠭᠦᠯᠬᠦ ᠦᠷ᠎ᠡ ᠨᠥᠯᠦᠭᠡ᠎ᠲᠠᠢ ᠱᠢᠭᠤᠳ ᠬᠣᠯᠪᠤᠭᠳᠠᠵᠤ ᠪᠠᠢᠳᠠᠭ᠃ ᠲᠣᠰ ᠤᠳᠠᠭᠠᠨ᠎ᠤ ᠪᠣᠯᠪᠠᠰᠤᠷᠠᠯ᠎ᠳᠤ ᠣᠷᠤᠯᠴᠠᠭᠰᠠᠨ ᠰᠤᠷᠤᠯᠴᠠᠭᠴᠢᠳ ᠪᠣᠯ  ᠪᠦᠷ ᠡᠯ᠎ᠡ ᠨᠢᠭᠡᠴᠢ᠎ᠶᠢᠨ ᠠᠯᠪᠠᠨ ᠲᠠᠰᠤᠭ᠎ᠤᠨ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠠᠯᠪᠠᠨ ᠪᠢᠴᠢᠭ ᠵᠣᠬᠢᠶᠠᠨ ᠪᠢᠴᠢᠬᠦ ᠪᠤᠶᠤ ᠠᠯᠪᠠᠨ ᠪᠢᠴᠢᠭ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶᠢᠨ ᠲᠠᠯ᠎ᠠ᠎ᠶᠢᠨ ᠠᠵᠢᠯᠲᠠᠨ ᠪᠣᠯᠬᠤᠷ᠂ ᠠᠵᠢᠯ᠎ᠤᠨ ᠪᠠᠢᠷᠢ᠎ᠨᠢ ᠣᠨᠴᠠᠭᠠᠢ᠂ ᠬᠠᠷᠢᠭᠤᠴᠠᠯᠭ᠎ᠠ᠎ᠨᠢ ᠬᠦᠨᠳᠦ ᠨᠣᠴᠢᠲᠠᠢ᠎ᠶᠤᠮ᠃ ᠡᠢᠮᠦ᠎ᠡᠴᠡ ᠪᠦᠭᠦᠳᠡᠭᠡᠷ ᠪᠣᠯᠪᠠᠰᠤᠷᠠᠯ᠎ᠢᠶᠠᠷ ᠳᠠᠮᠵᠢᠵᠦ ᠵᠢᠩᠬᠢᠨᠢ ᠣᠯᠤᠯᠲᠠ᠎ᠲᠠᠢ ᠪᠣᠯᠬᠤ᠎ᠶᠢ ᠬᠦᠰᠡᠵᠦ ᠪᠠᠢᠨ᠎ᠠ ᠭᠡᠵᠡᠢ᠃

  ᠽᠧᠩ ᠬᠠᠨ ᠬᠠᠮᠤᠭ ᠰᠡᠭᠦᠯ᠎ᠳᠤ᠎ᠨᠢ ᠡᠯ᠎ᠡ ᠰᠤᠷᠤᠯᠴᠠᠭᠴᠢᠳ ᠪᠣᠯᠪᠠᠰᠤᠷᠠᠯ᠎ᠳᠤ ᠢᠳᠡᠪᠬᠢᠲᠡᠢ ᠣᠷᠤᠯᠴᠠᠵᠤ᠂ ᠰᠤᠷᠤᠯᠴᠠᠬᠤ ᠣᠪᠤᠷ᠎ᠢᠶᠠᠨ ᠲᠥᠪ ᠪᠠᠢᠯᠭᠠᠬᠤ᠎ᠶᠢᠨ ᠬᠠᠮᠲᠤ ᠣᠨᠤᠯ᠎ᠢ ᠪᠣᠳᠠᠲᠠᠢ᠎ᠲᠠᠢ ᠤᠶᠠᠯᠳᠤᠭᠤᠯᠤᠨ᠂ ᠰᠠᠨᠠᠭᠠᠴᠢᠯᠠᠭ᠎ᠠ᠎ᠲᠠᠢ᠎ᠪᠡᠷ ᠰᠡᠳᠬᠢᠯ ᠲᠠᠯᠪᠢᠨ ᠰᠤᠷᠤᠯᠴᠠᠵᠤ᠂ ᠤᠬᠠᠮᠰᠠᠷ᠎ᠠᠴᠠ᠎ᠪᠠᠨ ᠪᠣᠯᠪᠠᠰᠤᠷᠠᠯ᠎ᠤᠨ ᠰᠠᠬᠢᠯᠭ᠎ᠠ ᠪᠠᠲᠤ᠎ᠶᠢ ᠰᠠᠬᠢᠬᠤ ᠬᠡᠷᠡᠭᠲᠡᠢ ᠭᠡᠵᠦ ᠱᠠᠭᠠᠷᠳᠠᠪᠠ᠃

  ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠵᠢᠴᠢ ᠲᠡᠭᠦᠨ᠎ᠤ ᠬᠠᠷᠢᠶ᠎ᠠ ᠨᠢᠭᠡᠴᠢ᠎ᠶᠢᠨ 60 ᠭᠠᠷᠤᠢ ᠲᠤᠬᠠᠢᠯᠠᠭᠰᠠᠨ ᠠᠵᠢᠯ᠎ᠤᠨ ᠭᠣᠣᠯᠯᠠᠭᠴᠢ ᠠᠵᠢᠯᠲᠠᠨ ᠲᠣᠰ ᠤᠳᠠᠭᠠᠨ᠎ᠤ ᠪᠣᠯᠪᠠᠰᠤᠷᠠᠯ᠎ᠳᠤ ᠣᠷᠤᠯᠴᠠᠪᠠ᠃

  ᠣᠷᠴᠢᠭᠤᠯᠤᠭᠴᠢ᠄ ᠰᠠᠢᠬᠠᠨ᠎ᠠ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604