ᠠᠩᠬᠠᠳᠤᠭᠠᠷ ᠬᠤᠭᠤᠴᠠᠭᠠᠨ᠎ᠤ 《ᠠᠯᠤᠰ᠎ᠶᠢᠨ ᠬᠠᠷᠠᠭ᠎ᠠ》 ᠬᠤᠨᠳᠠᠭᠠᠲᠦ ᠣᠶᠤᠨᠲᠤ ᠵᠢᠭᠠᠨ ᠰᠤᠷᠭᠠᠯᠲᠠ᠎ᠶᠢᠨ ᠮᠡᠷᠭᠡᠵᠢᠯ᠎ᠤᠨ ᠬᠢᠴᠢᠶᠡᠯᠡᠯᠭᠡ᠎ᠶᠢᠨ ᠤᠷᠤᠯᠳᠤᠭᠠᠨ ᠮᠠᠨ᠎ᠤ ᠰᠤᠷᠭᠠᠭᠤᠯᠢ᠎ᠳᠤ ᠶᠠᠪᠤᠭᠳᠠᠪᠠ
2019.12.20

  2019 ᠣᠨ᠎ᠤ 12 ᠰᠠᠷ᠎ᠠ᠎ᠶᠢᠨ 16᠎ᠡᠴᠡ 18᠎ᠤ ᠡᠳᠦᠷ᠂ ᠭᠤᠷᠪᠠᠨ ᠰᠤᠷᠭᠠᠭᠤᠯᠢ ᠬᠣᠯᠪᠤᠭᠠᠯᠠᠭᠰᠠᠨ ᠠᠩᠬᠠᠳᠤᠭᠠᠷ ᠬᠤᠭᠤᠴᠠᠭᠠᠨ᠎ᠤ 《ᠠᠯᠤᠰ᠎ᠶᠢᠨ ᠬᠠᠷᠠᠭ᠎ᠠ》 ᠬᠤᠨᠳᠠᠭᠠᠲᠦ ᠣᠶᠤᠨᠲᠤ ᠵᠢᠭᠠᠨ ᠰᠤᠷᠭᠠᠯᠲᠠ᠎ᠶᠢᠨ ᠮᠡᠷᠭᠡᠵᠢᠯ᠎ᠤᠨ ᠬᠢᠴᠢᠶᠡᠯᠡᠯᠭᠡ᠎ᠶᠢᠨ ᠤᠷᠤᠯᠳᠤᠭᠠᠨ᠎ᠢ ᠤᠯᠠᠭᠠᠨᠬᠠᠳᠠ᠎ᠳᠡᠬᠢ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ ᠳᠠᠭᠠᠴᠢᠯᠠᠨ ᠡᠷᠬᠢᠯᠡᠵᠦ᠂ ᠱ᠌ᠢᠩᠭᠡᠭᠡᠵᠦ ᠨᠡᠪᠲᠡᠷᠡᠭᠦᠯᠬᠦ ᠲᠠᠰᠤᠭ᠎ᠲᠤ ᠬᠣᠶᠠᠷ ᠳᠤᠭᠤᠢᠯᠠᠩ ᠬᠤᠪᠢᠶᠠᠵᠤ ᠤᠷᠤᠭᠱ᠌ᠢᠲᠠᠢ ᠶᠠᠪᠤᠭᠳᠠᠭᠤᠯᠪᠠ᠃

  ᠲᠤᠰ ᠤᠳᠠᠭᠠᠨ᠎ᠤ ᠣᠶᠤᠨᠲᠤ ᠵᠢᠭᠠᠨ ᠰᠤᠷᠭᠠᠯᠲᠠ᠎ᠶᠢᠨ ᠮᠡᠷᠭᠡᠵᠢᠯ᠎ᠤᠨ ᠤᠷᠤᠯᠳᠤᠭᠠᠨ᠎ᠢ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠤᠨ ᠬᠡᠪᠯᠡᠯ᠎ᠤᠨ ᠬᠣᠷᠢᠶ᠎ᠠ᠂ ᠥᠪᠦᠷ ᠮᠣᠩᠭᠤᠯ᠎ᠤᠨ ᠰᠢᠨ᠎ᠡ᠎ᠢ ᠡᠭᠦᠳᠬᠦ ᠰᠤᠷᠭᠠᠨ ᠬᠥᠮᠦᠵᠢᠯ᠎ᠤᠨ ᠨᠡᠢᠭᠡᠮᠯᠢᠭ᠎ᠡᠴᠡ ᠭᠤᠤᠯᠯᠠᠨ ᠡᠷᠬᠢᠯᠡᠵᠦ᠂ ᠰᠤᠷᠭᠠᠨ ᠬᠥᠮᠦᠵᠢᠯ᠎ᠤᠨ ᠣᠳᠤᠬᠢᠴᠢᠯᠠᠯᠲᠠ᠎ᠶᠢᠨ ᠬᠥᠭᠵᠢᠯᠲᠡ᠎ᠶᠢᠨ ᠠᠬᠢᠴᠠ᠎ᠶᠢ ᠳᠠᠭᠠᠵᠦ᠂  ᠪᠠᠭᠰᠢ᠎ᠨᠠᠷ᠎ᠤᠨ ᠰᠢᠨ᠎ᠡ ᠮᠡᠷᠭᠡᠵᠢᠯ᠎ᠢ ᠬᠡᠷᠡᠭᠯᠡᠵᠦ ᠵᠢᠭᠠᠨ ᠰᠤᠷᠭᠠᠬᠤ ᠠᠷᠭ᠎ᠠ ᠪᠠᠷᠢᠯ᠎ᠢᠶᠠᠨ ᠲᠠᠰᠦᠷᠠᠯᠲᠠ᠎ᠦᠭᠡᠢ ᠰᠢᠯᠢᠳᠡᠭᠵᠢᠭᠦᠯᠬᠦ᠎ᠶᠢ ᠵᠣᠷᠢᠭᠵᠢᠭᠤᠯᠤᠨ᠂ ᠮᠣᠩᠭᠤᠯ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ᠎ᠶᠢ  ᠳᠡᠭᠡᠭᠰᠢᠯᠡᠭᠦᠯᠬᠦ ᠵᠣᠷᠢᠯᠲᠠ᠎ᠪᠡᠷ ᠡᠷᠬᠢᠯᠠᠨ ᠶᠠᠪᠤᠭᠳᠠᠭᠤᠯᠪᠠ᠃

  ᠤᠷᠤᠯᠳᠤᠭᠠᠨ᠎ᠳᠤ ᠨᠠᠢ᠍ᠮᠠᠨ ᠬᠤᠰᠢᠭᠤᠨ᠎ᠤ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠂ ᠡᠵᠡᠨ ᠬᠣᠷᠤᠭ᠎ᠠ ᠬᠤᠰᠢᠭᠤᠨ᠎ᠤ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ ᠪᠠ ᠤᠯᠠᠭᠠᠨᠬᠠᠳᠠ᠎ᠳᠡᠬᠢ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ ᠵᠡᠷᠭᠡ ᠭᠤᠷᠪᠠᠨ ᠰᠤᠷᠭᠠᠭᠤᠯᠢ᠎ᠶᠢᠨ ᠲᠠᠪᠤᠨ ᠬᠢᠴᠢᠶᠡᠯ ᠲᠥᠷᠦᠯ (ᠲᠣᠭ᠎ᠠ᠂ ᠬᠢᠮᠢ᠂ ᠹᠢᠽᠢᠺ᠂ ᠠᠮᠢᠲᠦ ᠪᠣᠳᠠᠰ᠂ ᠭᠠᠵᠠᠷ ᠵᠦᠢ)᠎ᠤᠨ ᠪᠠᠭᠰᠢ ᠣᠷᠤᠯᠴᠠᠭᠰᠠᠨ ᠪᠠᠢᠨ᠎ᠠ᠃ ᠬᠢᠴᠢᠶᠡᠯᠡᠯᠭᠡ᠎ᠶᠢᠨ ᠤᠷ᠎ᠠ ᠮᠡᠷᠭᠡᠵᠢᠯ᠂ ᠰᠢᠨ᠎ᠡ ᠮᠡᠷᠭᠡᠵᠢᠯ᠎ᠦᠨ ᠤᠶᠠᠯᠳᠤᠯ᠎ᠤᠨ ᠠᠳᠠᠯᠢᠳᠭᠠᠨ ᠰᠢᠯᠭᠠᠷᠠᠭᠤᠯᠤᠯᠲᠠ᠎ᠪᠡᠷ ᠳᠠᠮᠵᠢᠨ ᠤᠯᠠᠭᠠᠨᠬᠠᠳᠠ᠎ᠳᠠᠬᠢ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶᠢᠨ ᠲᠣᠭᠠᠨ᠎ᠤ ᠳᠤᠭᠤᠢᠯᠠᠩ᠎ᠤᠨ ᠤᠶᠠᠩᠭ᠎ᠠ ᠪᠠᠭᠰᠢ ᠣᠯᠠᠨ᠎ᠡᠴᠡ ᠣᠷᠤᠢᠯᠠᠵᠦ᠂ 《ᠠᠯᠤᠰ᠎ᠶᠢᠨ ᠬᠠᠷᠠᠭ᠎ᠠ》 ᠬᠤᠨᠳᠠᠭᠠᠲᠦ ᠣᠶᠤᠨᠲᠤ ᠵᠢᠭᠠᠨ ᠰᠤᠷᠭᠠᠯᠲᠠ᠎ᠶᠢᠨ ᠬᠢᠴᠢᠶᠡᠯᠡᠯᠭᠡ᠎ᠶᠢᠨ ᠬᠤᠨᠳᠠᠭ᠎ᠠ ᠭᠠᠷᠳᠠᠭᠰᠠᠨ ᠪᠠᠢᠨ᠎ᠠ᠃

  ᠲᠤᠰ ᠤᠳᠠᠭᠠᠨ᠎ᠤ ᠤᠷᠤᠯᠳᠤᠭᠠᠨ᠎ᠨᠢ 《ᠳᠠᠶᠠᠩ ᠮᠣᠩᠭᠤᠯ ᠬᠢᠲᠠᠳ ᠣᠶᠤᠨᠲᠤ ᠰᠤᠷᠭᠠᠨ ᠬᠥᠮᠦᠵᠢᠯ᠎ᠤᠨ ᠲᠠᠪᠴᠠᠩ》᠎ᠢ ᠡᠳᠦᠷ ᠲᠤᠲᠤᠮ᠎ᠤᠨ ᠵᠢᠭᠠᠨ ᠰᠤᠷᠭᠠᠯᠲᠠ᠂ ᠬᠢᠴᠢᠶᠡᠯᠡᠯᠭᠡ᠎ᠳᠤ᠎ᠪᠠᠨ ᠬᠡᠷᠡᠭᠯᠡᠵᠦ ᠪᠦᠬᠦᠢ ᠭᠤᠷᠪᠠᠨ ᠰᠤᠷᠭᠠᠭᠤᠯᠢ ᠬᠠᠮᠲᠤᠷᠠᠨ ᠡᠷᠬᠢᠯᠡᠨ ᠶᠠᠪᠤᠭᠳᠠᠭᠤᠯᠠᠭᠰᠠᠨ᠎ᠠᠴᠠ  ᠪᠠᠭᠰᠢ ᠨᠢᠭᠡᠪᠦᠷᠢ᠎ᠶᠢᠨ ᠬᠤᠪᠢ ᠬᠥᠮᠦᠨ᠎ᠤ ᠤᠷ᠎ᠠ ᠴᠢᠳᠠᠪᠦᠷᠢ᠎ᠶᠢ  ᠰᠢᠯᠭᠠᠷᠠᠭᠤᠯᠤᠨ  ᠳᠡᠭᠡᠭᠰᠢᠯᠡᠭᠦᠯᠵᠤ᠂ ᠬᠢᠴᠢᠶᠡᠯ ᠲᠥᠷᠦᠯ᠎ᠤᠨ ᠳᠣᠲᠤᠭᠠᠳᠤᠬᠢ  ᠪᠠᠭᠰᠢ᠎ᠨᠠᠷ᠎ᠤᠨ ᠬᠠᠮᠲᠤᠷᠠᠯᠴᠠᠭ᠎ᠠ ᠬᠠᠮᠵᠢᠯᠴᠠᠭ᠎ᠠ᠎ᠶᠢ ᠴᠢᠩᠭᠠᠳᠭᠠᠨ ᠰᠤᠷᠭᠠᠭᠤᠯᠢ ᠬᠣᠭᠤᠷᠤᠨᠳᠤᠬᠢ ᠨᠥᠬᠦᠷᠰᠡᠭ ᠳᠣᠲᠤᠨᠤ ᠶᠠᠪᠤᠯᠴᠠᠭ᠎ᠠ ᠬᠠᠷᠢᠯᠴᠠᠭ᠎ᠠ᠎ᠶᠢ ᠵᠤᠵᠠᠭᠠᠳᠭᠠᠭᠰᠠᠨ᠎ᠢᠶᠡᠷ ᠦᠯᠦ ᠪᠠᠷᠠᠨ ᠵᠢᠭᠠᠨ ᠰᠤᠷᠭᠠᠯᠲᠠ᠎ᠶᠢᠨ ᠥᠷᠢᠰᠦᠯᠳᠦᠭᠡᠨ᠎ᠢ ᠪᠣᠢ ᠪᠣᠯᠭᠠᠵᠤ᠂ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠲᠠᠪᠴᠠᠩ᠎ᠳᠤ ᠡᠶᠡᠷᠭᠦ ᠨᠥᠯᠦᠭᠡ ᠪᠦᠬᠦᠢ ᠤᠳᠭ᠎ᠠ ᠲᠡᠭᠦᠯᠳᠡᠷ ᠤᠷᠤᠯᠳᠤᠭᠠᠨ ᠪᠣᠯᠤᠭᠰᠠᠨ ᠪᠠᠢᠨ᠎ᠠ᠃

 

  ᠤᠷᠤᠯᠳᠤᠭᠠᠨ᠎ᠡᠴᠡ ᠡᠮᠦᠨᠡᠬᠢ ᠬᠢᠨᠠᠭᠴᠢ ᠬᠢᠭᠡᠳ ᠣᠷᠤᠯᠴᠠᠭᠴᠢ ᠪᠠᠭᠱᠢ᠎ᠨᠠᠷ᠎ᠤᠨ ᠬᠤᠷᠠᠯ

 

  ᠤᠷᠤᠯᠳᠤᠭᠠᠨ᠎ᠳᠤ ᠣᠷᠤᠯᠴᠠᠭᠰᠠᠨ ᠪᠠᠭᠱᠢ᠎ᠨᠠᠷ ᠱᠢᠪᠠᠭ᠎ᠠ ᠰᠤᠭᠤᠯᠵᠤ ᠪᠠᠢᠭ᠎ᠠ᠎ᠨᠢ

 

  ᠬᠢᠨᠠᠭᠴᠢ᠎ᠶᠢᠨ ᠲᠥᠯᠦᠭᠡᠯᠡᠭᠴᠢ ᠤᠷᠤᠯᠳᠤᠭᠠᠨ᠎ᠳᠤ ᠳ᠋ᠦᠩᠨᠡᠯᠲᠡ ᠬᠢᠵᠤ ᠪᠠᠢᠭ᠎ᠠ᠎ᠨᠢ

 

  

      ᠤᠯᠠᠭᠠᠨᠬᠠᠳᠠ᠎ᠳᠡᠬᠢ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶᠢᠨ ᠸᠢᠽᠠᠲ ᠲᠠᠪᠴᠠᠩ᠎ᠡᠴᠡ ᠱᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604