ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠨᠠᠮ᠎ᠤᠨ ᠠᠵᠢᠯ᠎ᠤᠨ ᠺᠠᠳ᠋ᠷ᠎ᠤᠨ ᠪᠣᠯᠪᠠᠰᠤᠷᠠᠯ᠎ᠤᠨ ᠬᠤᠷᠠᠯ ᠡᠷᠬᠢᠯᠡᠵᠦ 《ᠨᠠᠮ᠎ᠤᠨ ᠭᠡᠱᠢᠭᠦᠨ᠎ᠢ ᠬᠥᠭᠵᠢᠭᠦᠯᠬᠦ ᠠᠵᠢᠯ᠎ᠤᠨ ᠳᠦᠷᠢᠮᠵᠢᠯ》᠎ᠢ ᠰᠤᠷᠤᠯᠴᠠᠪᠠ
2019.12.31

  11 ᠰᠠᠷ᠎ᠠ᠎ᠶᠢᠨ 7᠎ᠤ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠤᠨ ᠶᠡᠷᠦᠩᠬᠡᠢ ᠬᠡᠯᠲᠡᠰ᠎ᠡᠴᠡ ᠨᠠᠮ᠎ᠤᠨ ᠠᠵᠢᠯ᠎ᠤᠨ ᠺᠠᠳ᠋ᠷ᠎ᠦᠨ ᠪᠣᠯᠪᠠᠰᠤᠷᠠᠭᠤᠯᠤᠯ᠎ᠤᠨ ᠬᠤᠷᠠᠯ ᠬᠤᠷᠠᠯᠳᠤᠵᠤ᠂ ᠪᠦᠯᠦᠭᠯᠡᠯ᠎ᠤᠨ ᠨᠠᠮ᠎ᠤᠨ ᠬᠣᠷᠢᠶᠠᠨ᠎ᠤ ᠳᠡᠳ᠋ ᠱᠦᠵᠢ ᠰᠦᠨ ᠱᠦ ᠹᠠᠨ ᠪᠣᠯᠤᠨ ᠬᠠᠷᠢᠶ᠎ᠠ ᠪᠦᠬᠦᠢ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠂ ᠭᠡᠱᠢᠭᠦᠨ ᠨᠡᠢᠲᠡ 60 ᠭᠠᠷᠤᠢ ᠬᠥᠮᠦᠨ ᠪᠣᠯᠪᠠᠰᠤᠷᠠᠯ᠎ᠳᠤ ᠣᠷᠤᠯᠴᠠᠪᠠ᠃

  ᠲᠣᠰ ᠤᠳᠠᠭᠠᠨ᠎ᠤ ᠪᠣᠯᠪᠠᠰᠤᠷᠠᠭᠤᠯᠤᠯ᠎ᠳᠤ᠂ ᠥᠪᠡᠷᠲᠡᠭᠡᠨ ᠵᠠᠰᠠᠬᠤ ᠣᠷᠤᠨ᠎ᠤ ᠱᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠡᠯᠲᠡᠰ᠎ᠤᠨ  ᠳᠡᠳ᠋ ᠲᠠᠷᠤᠭ᠎ᠠ᠂ ᠱᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠵᠥᠪᠯᠡᠯ᠎ᠤᠨ ᠨᠠᠮ᠎ᠤᠨ ᠰᠤᠷᠭᠠᠭᠤᠯᠢ᠎ᠶᠢᠨ ᠵᠣᠴᠢᠨ ᠫᠷᠤᠹᠧᠰᠰᠤᠷ ᠰᠦᠩ ᠪᠦᠦ ᠭᠦᠧᠧ᠎ᠶᠢ ᠤᠷᠢᠵᠤ ᠬᠢᠴᠢᠶᠡᠯ ᠣᠷᠤᠭᠤᠯᠪᠠ᠃ ᠰᠦᠩ ᠪᠦᠦ ᠭᠦᠧᠧ ᠫᠷᠤᠹᠧᠰᠰᠤᠷ 《ᠨᠠᠮ᠎ᠤᠨ ᠭᠡᠱᠢᠭᠦᠨ᠎ᠢ ᠬᠥᠭᠵᠢᠭᠦᠯᠬᠦ ᠠᠵᠢᠯ᠎ᠤᠨ ᠳᠦᠷᠢᠮᠵᠢᠯ》 ᠭᠡᠬᠦ ᠰᠡᠳᠦᠪ᠎ᠲᠤ᠎ᠪᠠᠨ 《ᠰᠠᠢᠨ ᠳᠤᠷ᠎ᠠ᠎ᠠᠴᠠ᠎ᠪᠠᠨ ᠨᠠᠮ᠎ᠳᠤ ᠣᠷᠤᠵᠤ᠂ ᠲᠤᠰᠭᠠᠢ ᠡᠯᠰᠡᠨ ᠠᠪᠬᠤ》 ᠬᠥᠭᠵᠢᠯᠲᠡ᠎ᠶᠢᠨ ᠵᠠᠷᠴᠢᠮ᠎ᠠᠴᠠ ᠡᠬᠢᠯᠡᠨ ᠶᠠᠷᠢᠵᠤ᠂ ᠨᠠᠮ᠎ᠤᠨ ᠭᠡᠱᠢᠭᠦᠨ᠎ᠢ ᠬᠥᠭᠵᠢᠭᠦᠯᠬᠦ ᠵᠠᠷᠴᠢᠮ ᠪᠠ ᠳᠦᠷᠢᠮᠵᠢᠯ ᠶᠣᠰᠤ᠎ᠪᠡᠷ᠂ ᠱᠢᠨ᠎ᠡ ᠨᠠᠮ᠎ᠤᠨ ᠭᠡᠱᠢᠭᠦᠨ᠎ᠢ ᠡᠯᠰᠡᠬᠦ ᠪᠠᠷᠢᠮᠵᠢᠶ᠎ᠠ᠂ ᠱᠠᠭᠠᠷᠳᠠᠯᠭ᠎ᠠ ᠪᠠ ᠵᠠᠷᠴᠢᠮ᠎ᠢ ᠨᠠᠷᠢᠨ ᠰᠠᠢᠬᠠᠨ ᠲᠠᠢᠯᠪᠤᠷᠢᠯᠠᠵᠤ᠂ ᠬᠤᠷᠠᠯ᠎ᠳᠤ ᠣᠷᠤᠯᠴᠠᠭᠰᠠᠨ ᠨᠠᠮ᠎ᠤᠨ ᠠᠵᠢᠯ᠎ᠤᠨ ᠺᠠᠳ᠋ᠷᠴᠤᠳ᠎ᠲᠤ ᠨᠠᠮ᠎ᠤᠨ ᠭᠡᠱᠢᠭᠦᠨ᠎ᠢ ᠬᠥᠭᠵᠢᠭᠦᠯᠬᠦ ᠪᠣᠳᠠᠲᠠᠢ ᠱᠠᠭᠠᠷᠳᠠᠯᠭ᠎ᠠ᠎ᠶᠢ ᠣᠢᠯᠠᠭᠠᠨ ᠡᠵᠡᠮᠱᠢᠭᠦᠯᠬᠦ᠎ᠪᠡᠷ ᠨᠠᠩ ᠨᠠᠷᠢᠨ ᠲᠣᠳᠤᠷᠬᠠᠢᠯᠠᠵᠤ᠂ ᠡᠨᠡ᠎ᠬᠦ ᠴᠢᠬᠤᠯᠠ ᠠᠵᠢᠯ᠎ᠳᠤ ᠱᠢᠨ᠎ᠡ ᠲᠠᠨᠢᠯᠲᠠ ᠪᠠ ᠲᠥᠷᠦᠭᠳᠡᠯ᠎ᠲᠠᠢ ᠪᠣᠯᠭᠠᠵᠠᠢ᠃

  ᠨᠠᠮ᠎ᠤᠨ ᠭᠡᠱᠢᠭᠦᠨ ᠬᠥᠭᠵᠢᠭᠦᠯᠬᠦ ᠪᠣᠯ ᠨᠢᠭᠡᠨ ᠲᠥᠪ ᠴᠢᠩᠭ᠎ᠠ᠂ ᠨᠠᠷᠢᠨ ᠨᠢᠭᠲᠠ ᠠᠵᠢᠯ ᠮᠥᠨ᠂ ᠪᠠᠰᠠ᠎ᠴᠦ ᠨᠠᠮ᠎ᠤᠨ ᠡᠭᠦᠷ᠎ᠤᠨ ᠨᠢᠭᠡ ᠪᠠᠢᠩᠭᠤᠵᠢᠭᠰᠠᠨ ᠠᠵᠢᠯ ᠪᠣᠯᠤᠨ᠎ᠠ᠃ ᠨᠠᠮ᠎ᠤᠨ ᠭᠡᠱᠢᠭᠦᠨ᠎ᠨᠢ ᠨᠠᠮ᠎ᠤᠨ ᠪᠡᠶ᠎ᠡ ᠴᠣᠭᠴᠠᠰ᠎ᠶᠢᠨ ᠡᠰ ᠪᠣᠯᠬᠤᠷ᠂ ᠨᠠᠮ᠎ᠤᠨ ᠭᠡᠱᠢᠭᠦᠨ᠎ᠤ ᠬᠥᠭᠵᠢᠯᠲᠡ᠎ᠶᠢᠨ ᠶᠠᠰᠤ ᠴᠢᠨᠠᠷ᠎ᠢ ᠪᠠᠲᠤᠯᠠᠪᠠᠯ ᠰᠠᠶᠢ ᠨᠠᠮ ᠠᠮᠢᠳᠤ ᠰᠣᠷᠭᠤᠭ ᠠᠮᠢᠵᠢᠷᠠᠯ᠎ᠤᠨ ᠬᠦᠴᠦᠨ ᠪᠢᠯᠬᠠᠵᠤ᠂ ᠨᠠᠮ᠎ᠤᠨ ᠲᠡᠷᠢᠭᠦᠨ᠎ᠤ ᠴᠢᠨᠠᠷ ᠪᠠ ᠴᠡᠪᠡᠷᠴᠢ ᠴᠢᠨᠠᠷ᠎ᠢᠶᠠᠨ ᠪᠠᠲᠤᠯᠠᠵᠤ ᠴᠢᠳᠠᠨ᠎ᠠ᠃

  ᠣᠢᠷ᠎ᠠ᠎ᠶᠢᠨ ᠵᠢᠯ᠎ᠤ᠋ᠳ᠎ᠠᠴᠠ ᠬᠡᠪᠯᠡᠯ᠎ᠤᠨ ᠪᠦᠯᠦᠭᠯᠡᠯ ᠴᠠᠭ ᠢᠮᠠᠭᠲᠠ ᠨᠠᠮ᠎ᠤᠨ ᠠᠵᠢᠯ᠎ᠤᠨ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢᠨ ᠠᠵᠢᠯᠯᠠᠭ᠎ᠠ᠎ᠶᠢ ᠲᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭᠠᠷ ᠢᠷᠡᠭᠰᠡᠨ ᠪᠥᠭᠡᠳ ᠡᠭᠦᠨ᠎ᠢᠶᠠᠷ ᠭᠠᠷᠳᠠᠴᠠ ᠪᠣᠯᠭᠠᠵᠤ᠂ ᠨᠠᠮ᠎ᠤᠨ ᠡᠭᠦᠷ᠎ᠤᠨ ᠠᠵᠢᠯ᠎ᠤᠨ ᠪᠠᠷᠢᠮᠵᠢᠶᠠᠵᠢᠭᠤᠯᠤᠭᠰᠠᠨ ᠪᠠᠢᠭᠤᠯᠤᠯᠲᠠ᠎ᠶᠢ ᠲᠠᠰᠤᠷᠠᠯᠲᠠ ᠥᠬᠡᠢ ᠴᠢᠩᠭᠠᠳᠭᠠᠵᠤ᠂ ᠪᠦᠯᠦᠭᠯᠡᠯ᠎ᠤᠨ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ᠂ ᠨᠠᠮ᠎ᠤᠨ ᠭᠡᠱᠢᠭᠦᠨ᠎ᠢ ᠬᠠᠮᠢᠶᠠᠷᠴᠤ ᠬᠥᠮᠦᠵᠢᠭᠦᠯᠬᠦ᠂ ᠣᠯᠠᠨ ᠲᠦᠮᠡᠨ᠎ᠳᠤ ᠦᠢᠯᠡᠴᠢᠯᠡᠬᠦ᠎ᠶᠢ ᠨᠢᠭᠲᠠᠷᠠᠭᠤᠯᠬᠤ ᠨᠠᠮ᠎ᠤᠨ ᠡᠭᠦᠷ᠎ᠦᠨ ᠴᠢᠳᠠᠪᠤᠷᠢ ᠪᠠ ᠬᠢᠷᠢ ᠲᠥᠪᠱᠢᠨ᠎ᠢ ᠲᠡᠭᠡᠭᠱᠢᠯᠡᠭᠦᠯᠵᠦ᠂ ᠨᠠᠮ᠎ᠤᠨ ᠡᠭᠦᠷ᠎ᠤᠨ ᠤᠯᠤᠰ ᠲᠥᠷᠦ᠎ᠶᠢᠨ ᠴᠢᠳᠠᠮᠵᠢ᠎ᠶᠢ ᠳᠣᠪᠤᠢᠯᠭᠠᠪᠠ᠃

  ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠱᠢᠯᠭᠠᠨ ᠪᠠᠲᠤᠯᠠᠬᠤ᠎ᠶᠢᠨ ᠲᠥᠯᠦᠭᠡ᠂ ᠲᠠᠢᠯᠤᠮᠵᠢ ᠲᠡᠭᠦᠰᠦᠭᠰᠡᠨ᠎ᠤ ᠲᠠᠷᠠᠭ᠎ᠠ ᠲᠤᠬᠠᠢ᠎ᠶᠢᠨ ᠲᠠᠯᠠᠪᠠᠢ᠎ᠳᠤ ᠲᠦᠰᠦᠭᠡᠳᠦᠭᠦᠯᠦᠭᠰᠡᠨ ᠰᠣᠷᠢᠯᠲᠠ ᠬᠢᠵᠡᠢ᠃

  ᠪᠣᠯᠪᠠᠰᠤᠷᠠᠭᠤᠯᠤᠯ᠎ᠤᠨ ᠬᠤᠷᠠᠯ᠎ᠢ ᠪᠦᠯᠦᠭᠯᠡᠯ᠎ᠤᠨ ᠨᠠᠮ ᠣᠯᠠᠨ ᠲᠦᠮᠡᠨ᠎ᠤ ᠠᠵᠢᠯ᠎ᠤᠨ ᠬᠡᠯᠲᠡᠰ᠎ᠤᠨ ᠡᠷᠬᠢᠯᠡᠭᠴᠢ ᠰᠦᠨ ᠢ ᠡᠷᠬᠢᠯᠡᠪᠡ᠃

 

          ᠣᠷᠴᠢᠭᠤᠯᠤᠭᠴᠢ᠄ ᠰᠠᠢᠬᠠᠨ᠎ᠠ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604