ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠨᠠᠢ᠍ᠮᠠᠳᠤᠭᠠᠷ ᠪᠦᠯᠦᠭ᠂ ᠶᠢᠰᠦᠳᠦᠭᠡᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1 ᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠨᠠᠢ᠍ᠮᠠᠳᠤᠭᠠᠷ ᠪᠦᠯᠦᠭ  ᠬᠠᠤᠯᠢ ᠴᠠᠭᠠᠵᠠ᠎ᠶᠢᠨ ᠬᠠᠷᠢᠭᠤᠴᠠᠯᠭ᠎ᠠ

 

  ᠲᠠᠪᠢᠨ ᠲᠥᠷᠪᠡᠳᠦᠭᠡᠷ ᠵᠦᠢᠯ  ᠲᠣᠰ ᠳᠦᠷᠢᠮ᠎ᠤᠨ ᠲᠣᠭᠲᠠᠭᠠᠯ᠎ᠠᠴᠠ ᠵᠦᠷᠢᠴᠡᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠳᠤ ᠬᠡᠷᠡᠭᠯᠡᠬᠦ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠬᠤᠳᠠᠯ᠎ᠢᠶᠠᠷ ᠮᠡᠳᠡᠬᠦᠯᠵᠤ᠂ ᠣᠷᠤᠯᠠᠨ ᠠᠪᠴᠤ᠂ ᠱᠠᠮᠱᠢᠵᠤ᠂ ᠨᠡᠬᠦᠯᠬᠡᠨ ᠬᠡᠷᠡᠭᠯᠡᠵᠤ᠂ ᠲᠠᠰᠤᠲᠠᠨ ᠦᠯᠡᠳᠡᠭᠡᠪᠡᠯ᠂ ᠡᠳ᠋᠎ᠤᠨ ᠵᠠᠰᠠᠭ᠎ᠤᠨ ᠬᠠᠤᠯᠢ᠎ᠠᠴᠠ ᠵᠦᠷᠢᠴᠡᠭᠰᠡᠨ ᠦᠢᠯᠡ ᠠᠵᠢᠯᠯᠠᠭ᠎ᠠ᠎ᠶᠢ ᠲᠣᠷᠭᠤᠭᠠᠨ ᠱᠢᠢᠳᠬᠡᠬᠦ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠵᠠᠯᠠᠷᠠᠭᠤᠯᠬᠤ᠎ᠶᠢ ᠵᠠᠷᠯᠢᠭᠳᠠᠵᠤ᠂ ᠬᠤᠯᠪᠤᠭᠳᠠᠯ ᠪᠦᠬᠦᠢ ᠡᠳ᠎ᠤ ᠵᠠᠰᠠᠭ᠎ᠤᠨ ᠴᠢᠨᠠᠷᠲᠠᠢ ᠪᠡᠯᠡ ᠮᠦᠩᠬᠦ ᠪᠠ ᠬᠠᠤᠯᠢ᠎ᠠᠴᠠ ᠵᠦᠷᠢᠴᠡᠭᠰᠡᠨ ᠣᠯᠵᠠᠪᠦᠷᠢ᠎ᠶᠢ᠎ᠨᠢ ᠨᠡᠭᠡᠨ ᠬᠤᠷᠢᠶᠠᠵᠤ᠂ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠬᠡᠯ ᠣᠯᠭᠤᠨ᠎ᠠ; ᠱᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠤᠭᠴᠢ ᠪᠠ ᠪᠣᠰᠤᠳ ᠱᠢᠭᠤᠳ ᠬᠠᠷᠢᠭᠤᠴᠠᠯᠭᠠᠲᠠᠨ᠎ᠳᠤ ᠱᠢᠢᠳᠬᠡᠯ ᠦᠭᠬᠦᠨ᠎ᠡ; ᠶᠠᠯ᠎ᠠ᠎ᠳᠤ ᠬᠦᠷᠦᠭᠰᠡᠨ ᠪᠣᠯ᠂ ᠬᠠᠤᠯᠢ ᠶᠣᠰᠤᠭᠠᠷ ᠡᠷᠡᠬᠦᠤ᠎ᠶᠢᠨ ᠬᠠᠷᠢᠭᠤᠴᠠᠯᠭ᠎ᠠ ᠨᠡᠭᠡᠮᠵᠢᠯᠡᠨ᠎ᠡ᠃

  ᠲᠠᠪᠢᠨ ᠲᠠᠪᠤᠳᠤᠭᠠᠷ ᠵᠦᠢᠯ  ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠳᠤ ᠲᠣᠤᠷᠠᠬᠢ ᠦᠢᠯᠡ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠬᠠᠤᠯᠢ ᠶᠣᠰᠤᠭᠠᠷ ᠬᠠᠤᠯᠢ ᠴᠠᠭᠠᠵᠠ᠎ᠶᠢᠨ ᠬᠠᠷᠢᠭᠤᠴᠠᠯᠭ᠎ᠠ ᠡᠬᠦᠷᠭᠡᠯᠡᠬᠦ᠎ᠠᠴᠠ ᠭᠠᠳᠠᠨ᠎ᠠ᠂ ᠬᠤᠯᠪᠤᠭᠳᠠᠯ ᠪᠦᠬᠦᠢ ᠵᠠᠰᠠᠭ ᠵᠠᠬᠢᠷᠭᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠢᠳᠡᠬᠡᠮᠵᠢ᠎ᠶᠢᠨ ᠳᠠᠩᠰᠠ ᠡᠪᠬᠡᠮᠡᠯ᠎ᠳᠤ ᠲᠡᠮᠳᠡᠭᠯᠡᠬᠦ᠎ᠶᠢᠨ ᠬᠠᠮᠲᠤ ᠲᠣᠰ ᠦᠢᠯᠡ ᠠᠵᠢᠯᠯᠠᠭ᠎ᠠ᠎ᠨᠢ ᠢᠳᠡᠬᠡᠮᠵᠢ᠎ᠶᠢᠨ ᠳᠠᠩᠰᠠ ᠡᠪᠭᠡᠮᠡᠯ᠎ᠳᠤ ᠳᠡᠮᠳᠡᠭᠯᠡᠭᠳᠡᠭᠰᠡᠨ ᠡᠳᠦᠷ᠎ᠠᠴᠠ ᠲᠠᠪᠤᠨ ᠵᠢᠯ᠎ᠤᠨ ᠲᠣᠲᠤᠷ᠎ᠠ ᠱᠢᠭᠤᠳ ᠬᠠᠷᠢᠭᠤᠴᠠᠯᠭᠠᠲᠠᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠷᠦᠯ ᠵᠦᠢᠯ ᠪᠣᠶᠤ ᠱᠢᠨᠵᠢᠯᠡᠬᠦ ᠣᠬᠠᠭᠠᠨ ᠮᠡᠷᠭᠡᠵᠢᠯ᠎ᠤᠨ ᠬᠦᠬᠢᠬᠦᠯᠦᠯ ᠱᠠᠩᠨᠠᠯ᠎ᠤᠨ ᠲᠦᠷᠦᠯ᠎ᠢ ᠭᠤᠶᠤᠴᠢᠯᠠᠨ ᠮᠡᠳᠡᠬᠦᠯᠬᠦ ᠬᠢᠷᠢ ᠬᠡᠮ᠎ᠢ᠎ᠨᠢ ᠬᠦᠴᠦᠨ᠎ᠦᠭᠡᠢ ᠪᠣᠯᠭᠠᠨ᠎ᠠ᠄

   (ᠨᠢᠭᠡ) ᠱᠢᠨ᠎ᠡ ᠮᠡᠷᠭᠡᠵᠢᠯ᠂ ᠱᠢᠨ᠎ᠡ ᠪᠦᠲᠦᠭᠡᠭᠳᠡᠬᠦᠨ᠂ ᠱᠢᠨ᠎ᠡ ᠣᠷᠠᠯᠠᠯ᠂ ᠱᠢᠨ᠎ᠡ ᠪᠠᠷᠢᠮᠵᠢᠶ᠎ᠠ᠎ᠶᠢᠨ ᠰᠣᠳᠤᠯᠭᠠᠨ ᠨᠡᠭᠡᠭᠡᠯᠲᠡ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠤᠶᠤᠴᠢᠯᠠᠨ ᠮᠡᠳᠡᠬᠦᠯᠬᠦ᠂ ᠱᠢᠨᠵᠢᠯᠡᠬᠦ ᠣᠬᠠᠭᠠᠨ ᠮᠡᠷᠭᠡᠵᠢᠯ᠎ᠤᠨ ᠬᠦᠬᠢᠬᠦᠯᠦᠯ᠎ᠢ ᠬᠢᠨᠠᠨ ᠲᠣᠭᠲᠠᠭᠠᠬᠤ ᠲᠣᠮᠲᠠ ᠮᠡᠭᠡᠯᠡᠯ᠎ᠤᠨ ᠠᠷᠭ᠎ᠠ ᠬᠡᠮᠵᠢᠶ᠎ᠡ᠎ᠪᠠᠷ ᠬᠠᠷᠠᠭᠠᠯᠵᠠᠯ᠎ᠤᠨ ᠨᠦᠬᠦᠴᠡᠯ ᠣᠯᠭᠤᠮᠵᠢ ᠪᠣᠶᠤ ᠱᠢᠨᠵᠢᠯᠡᠬᠦ ᠣᠬᠠᠭᠠᠨ ᠮᠡᠷᠭᠡᠵᠢᠯ᠎ᠤᠨ ᠬᠦᠬᠢᠬᠦᠯᠦᠯ᠎ᠢ ᠬᠦᠷᠲᠡᠭᠰᠡᠨ ᠪᠣᠶᠤ ᠪᠣᠰᠤᠳ᠎ᠢ ᠬᠠᠪᠰᠤᠷᠤᠨ ᠬᠦᠷᠲᠡᠭᠰᠡᠨ;

   (ᠬᠤᠶᠠᠷ) ᠬᠤᠯᠠᠭᠠᠢᠯᠠᠬᠤ᠂ ᠦᠭᠡᠷᠡᠲᠦᠬᠦᠯᠬᠦ᠂ ᠬᠠᠭᠤᠷᠮᠠᠭᠯᠠᠬᠤ ᠪᠣᠶᠤ ᠪᠣᠰᠤᠳ ᠠᠷᠭ᠎ᠠ ᠪᠠᠷᠢᠯ᠎ᠢᠶᠠᠷ ᠪᠣᠰᠤᠳ ᠬᠦᠮᠦᠨ᠎ᠤ ᠲᠣᠰᠭᠠᠢ ᠠᠱᠢᠭ᠎ᠤᠨ ᠡᠷᠭᠡ᠂ ᠲᠠᠸᠠᠷ᠎ᠤᠨ ᠲᠡᠮᠳᠡᠭ᠎ᠤᠨ ᠡᠷᠭᠡ᠂ ᠵᠣᠬᠢᠶᠠᠯ ᠪᠦᠲᠦᠭᠡᠯ᠎ᠤᠨ ᠡᠷᠭᠡ ᠵᠡᠷᠭᠡ ᠮᠡᠳᠡᠯᠭᠡ᠎ᠶᠢᠨ ᠪᠦᠲᠦᠭᠡᠭᠳᠡᠬᠦᠨ᠎ᠤ ᠡᠷᠭᠡ ᠪᠠ ᠪᠣᠰᠤᠳ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠭᠡ᠎ᠲᠠᠢ ᠬᠠᠯᠳᠠᠭᠰᠠᠨ ᠪᠣᠶᠤ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠯᠠᠭᠠᠨ ᠲᠣᠮᠲᠠ ᠣᠪ ᠮᠡᠭᠡ ᠭᠠᠷᠭᠠᠭᠰᠠᠨ;

   (ᠭᠤᠷᠪᠠ) ᠣᠯᠤᠰ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠨᠢᠭᠤᠴᠠ᠎ᠶᠢ ᠵᠠᠳᠠᠷᠠᠭᠤᠯᠤᠭᠰᠠᠨ;

   (ᠳᠦᠷᠪᠡ) ᠲᠣᠭᠲᠠᠭᠠᠯ᠎ᠠᠴᠠ ᠵᠦᠷᠢᠴᠡᠵᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠷᠦᠯ ᠵᠦᠢᠯ᠎ᠤᠨ ᠪᠡᠯᠡ ᠮᠦᠩᠬᠦ᠎ᠶᠢ ᠬᠡᠷᠡᠭᠯᠡᠭᠰᠡᠨ᠃

  ᠲᠠᠪᠢᠨ ᠵᠢᠷᠭᠤᠳᠤᠭᠠᠷ ᠵᠦᠢᠯ  ᠲᠣᠰ ᠳᠦᠷᠢᠮ᠎ᠤᠨ ᠲᠣᠭᠲᠠᠭᠠᠯ᠎ᠠᠴᠠ ᠵᠦᠷᠢᠴᠡᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠬᠦᠨ᠎ᠤ ᠠᠵᠢᠯᠲᠠᠨ ᠡᠷᠭᠡ ᠲᠣᠱᠢᠶᠠᠯ᠎ᠢᠶᠠᠨ ᠲᠣᠷ᠎ᠠ᠎ᠪᠠᠷ᠎ᠢᠶᠠᠨ ᠬᠡᠷᠡᠭᠯᠡᠭᠰᠡᠨ᠂ ᠠᠯᠪᠠᠨ ᠲᠣᠱᠢᠶᠠᠯ᠎ᠳᠤ᠎ᠪᠠᠨ ᠠᠯᠮᠠᠢᠷᠠᠨ ᠣᠰᠤᠯᠳᠤᠭᠰᠠᠨ᠂ ᠭᠤᠶᠤᠴᠢᠯᠠᠨ ᠬᠠᠤᠯᠢ ᠶᠣᠰᠤ᠎ᠶᠢ ᠵᠦᠷᠢᠴᠡᠭᠰᠡᠨ ᠪᠣᠯ᠂ ᠱᠢᠭᠤᠳ ᠬᠠᠷᠢᠭᠤᠴᠠᠬᠤ ᠭᠤᠤᠯᠯᠠᠨ ᠬᠠᠮᠢᠶᠠᠷᠤᠭᠴᠢ ᠪᠠ ᠪᠣᠰᠤᠳ ᠱᠢᠭᠤᠳ ᠬᠠᠷᠢᠭᠤᠴᠠᠯᠭᠠᠲᠠᠨ᠎ᠳᠤ ᠱᠢᠢᠳᠬᠡᠯ ᠣᠯᠭᠤᠨ᠎ᠠ;ᠶᠠᠯ᠎ᠠ᠎ᠳᠤ ᠬᠦᠷᠦᠭᠰᠡᠨ ᠪᠣᠯ᠂ ᠬᠠᠤᠯᠢ ᠶᠣᠰᠤᠭᠠᠷ ᠡᠷᠡᠬᠦᠤ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

    ᠶᠢᠰᠦᠳᠦᠭᠡᠷ ᠪᠦᠯᠦᠭ  ᠲᠠᠭᠠᠯᠳᠤᠭᠤᠯᠤᠭᠰᠠᠨ ᠲᠦᠷᠢᠮ

 

  ᠲᠠᠪᠢᠨ ᠲᠤᠯᠤᠳᠤᠭᠠᠷ ᠵᠦᠢᠯ  ᠲᠣᠰ ᠳᠦᠷᠢᠮ᠎ᠢ 2014 ᠣᠨ᠎ᠤ 7᠎ᠳᠤᠭᠠᠷ ᠰᠠᠷ᠎ᠠ᠎ᠶᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604