《ᠱᠢᠨ᠎ᠡ ᠬᠡᠯᠪᠡᠷᠢ᠎ᠶᠢᠨ ᠲᠢᠳᠢᠮᠯᠢᠭ ᠸᠢᠷᠦ᠋ᠰ᠎ᠢ ᠰᠡᠷᠬᠡᠢᠯᠡᠶ᠎ᠡ》 ᠭᠡᠮᠡᠬᠦ ᠲᠦᠷᠪᠡᠨ ᠪᠦᠯᠦᠭᠳᠦ ᠤᠬᠤᠷ ᠹᠢᠯᠢᠮ ᠦᠵᠡᠭᠴᠢᠳ᠎ᠲᠠᠢ ᠵᠤᠯᠭᠠᠯ᠎ᠠ
2020.02.24

  ᠬᠦᠮᠦᠨ ᠪᠦᠬᠦᠨ 《ᠬᠢᠵᠢᠭ᠎ᠦᠨ ᠪᠠᠢᠳᠠᠯ ᠪᠣᠯ ᠵᠠᠷᠯᠢᠭ᠂ ᠬᠢᠵᠢᠭ᠎ᠢ ᠰᠡᠷᠭᠡᠢᠯᠡᠬᠦ ᠪᠣᠯ ᠬᠠᠷᠢᠭᠤᠴᠠᠯᠭ᠎ᠠ ᠮᠦᠨ》 ᠭᠡᠳᠡᠭ᠎ᠢ ᠭᠦᠨᠵᠡᠭᠡᠢ ᠤᠬᠠᠮᠰᠠᠷᠯᠠᠵᠤ ᠪᠣᠢ ᠪᠠᠴᠢᠮ ᠲᠤᠯᠭᠠᠮ᠎ᠠ ᠴᠠᠭ ᠦᠶ᠎ᠡ᠎ᠳᠦ ᠦᠪᠦᠷ ᠮᠤᠩᠭᠤᠯ᠎ᠦᠨ ᠬᠡᠪᠯᠡᠯ᠎ᠦᠨ ᠪᠦᠯᠦᠭᠯᠡᠯ᠂ ᠦᠪᠦᠷ ᠮᠣᠩᠭᠤᠯ᠎ᠤᠨ ᠰᠤᠷᠭᠠᠨ ᠬᠦᠮᠦᠵᠢᠯ᠎ᠦᠨ ᠬᠡᠪᠯᠡᠯ᠎ᠦᠨ ᠬᠣᠷᠢᠶ᠎ᠠ᠎ᠨᠢ ᠬᠢᠵᠢᠭ᠎ᠢ ᠰᠡᠷᠭᠡᠢᠯᠡᠵᠦ᠂ ᠬᠢᠵᠢᠭ᠎ᠲᠠᠢ ᠲᠡᠮᠡᠴᠡᠬᠦ ᠡᠮᠤᠨ᠎ᠡ ᠹᠷᠤᠨᠲ᠎ᠲᠤ ᠭᠠᠪᠱᠢᠭᠠᠢᠯᠠᠨ ᠠᠵᠢᠯᠯᠠᠵᠤ᠂ ᠬᠡᠤᠭᠡᠳ ᠪᠠᠭᠠᠴᠤᠳ᠎ᠲᠤ ᠱᠢᠨ᠎ᠡ ᠬᠡᠯᠪᠡᠷᠢ᠎ᠵᠢᠨ ᠲᠢᠳᠢᠮᠯᠢᠭ ᠸᠢᠷᠦ᠋ᠰ᠎ᠤᠨ ᠲᠤᠬᠠᠢ ᠮᠡᠳᠡᠯᠭᠡ᠎ᠶᠢ ᠲᠠᠨᠢᠭᠤᠯᠵᠤ᠂ ᠱᠢᠨᠵᠢᠯᠡᠬᠦ ᠤᠬᠠᠭᠠᠨᠴᠢ᠎ᠪᠡᠷ ᠬᠢᠵᠢᠭ᠎ᠢ ᠰᠡᠷᠬᠡᠢᠯᠡᠬᠦ ᠠᠷᠭ᠎ᠠ᠎ᠶᠢ ᠡᠵᠡᠮᠱᠢᠬᠦᠯᠬᠦ ᠵᠤᠷᠢᠯᠭ᠎ᠠ᠎ᠪᠡᠷ ᠬᠠᠷᠠᠮᠦ᠋ᠷᠡᠨ ᠮᠤᠵᠢ᠎ᠶᠢᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ ᠡᠴᠠ ᠨᠠᠢᠷᠠᠭᠤᠯᠤᠨ ᠬᠡᠪᠯᠡᠬᠦᠯᠦᠭᠰᠡᠨ 《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠢ ᠰᠡᠷᠭᠡᠢᠯᠡᠬᠦ ᠵᠢᠷᠤᠭᠳᠤ ᠨᠤᠮ》᠎ᠢ ᠤᠷᠴᠢᠭᠤᠯᠵᠤ ᠬᠡᠪᠯᠡᠬᠦᠯᠦᠭᠰᠡᠨ ᠪᠢᠯᠡ᠃ ᠡᠬᠦᠨ᠎ᠦ ᠤᠯᠠᠮ᠎ᠡᠴᠡ ᠪᠢᠳᠡ ᠬᠡᠤᠬᠡᠳ ᠪᠠᠭᠠᠴᠤᠳ᠎ᠲᠤ᠎ᠪᠡᠨ ᠡᠳᠡᠬᠡᠷ ᠮᠡᠳᠡᠯᠬᠡ᠎ᠶᠢ ᠤᠯᠠᠮ ᠬᠦᠨᠵᠡᠬᠡᠢ ᠤᠢᠯᠠᠭᠠᠭᠤᠯᠬᠤ᠎ᠵᠢᠨ ᠳᠤᠯᠠᠳᠠ ᠦᠪᠦᠷ ᠮᠤᠩᠭᠤᠯ᠎ᠦᠨ ᠮᠤᠩᠭᠤᠯ ᠤᠳᠤᠨ ᠲᠸᠯᠸᠢᠰ᠎ᠲᠠᠢ ᠬᠠᠮᠳᠤᠷᠠᠯᠴᠠᠨ 《ᠱᠢᠨ᠎ᠡ ᠬᠡᠯᠪᠡᠷᠢ᠎ᠶᠢᠨ ᠲᠢᠳᠢᠮᠯᠢᠭ ᠸᠢᠷᠦ᠋ᠰ᠎ᠢ ᠰᠡᠷᠬᠡᠢᠯᠡᠶ᠎ᠡ》 ᠭᠡᠮᠡᠬᠦ ᠲᠦᠷᠪᠡᠨ ᠪᠦᠯᠦᠭᠳᠦ ᠤᠬᠤᠷ ᠹᠢᠯᠢᠮ᠎ᠢ ᠬᠢᠵᠤ ᠦᠢᠯᠡᠳᠦᠬᠡᠳ ᠦᠵᠡᠭᠴᠢ ᠲᠦᠮᠡᠨ᠎ᠳᠦ᠎ᠪᠡᠨ ᠬᠦᠷᠬᠡᠵᠤ ᠪᠠᠢᠭ᠎ᠠ᠎ᠶᠤᠮ᠃ ᠡᠨᠡ ᠪᠤᠯ ᠱᠢᠨ᠎ᠡ ᠬᠡᠯᠪᠡᠷᠢ᠎ᠶᠢᠨ ᠲᠢᠳᠢᠮᠯᠢᠭ ᠸᠢᠷᠦ᠋ᠰ᠎ᠤᠨ ᠲᠤᠬᠠᠢ ᠮᠤᠩᠭᠤᠯ ᠬᠡᠯᠡ᠎ᠪᠡᠷ ᠨᠡᠪᠳᠡᠷᠡᠬᠦᠯᠵᠤ ᠪᠠᠢᠭ᠎ᠠ ᠬᠠᠮᠤᠭ᠎ᠦᠨ ᠠᠩᠬᠠᠨ᠎ᠦ ᠤᠬᠤᠷ ᠹᠢᠯᠢᠮ ᠪᠤᠯᠤᠨ᠎ᠠ᠃

  ᠲᠤᠰ ᠤᠬᠤᠷ ᠹᠢᠯᠢᠮ᠎ᠨᠢ ᠦᠪᠦᠷ ᠮᠤᠩᠭᠤᠯ᠎ᠦᠨ ᠮᠤᠩᠭᠤᠯ ᠤᠳᠤᠨ ᠲᠸᠯᠸᠢᠰ ᠵᠢᠡᠷ ᠡᠳᠦᠷ ᠪᠦᠷᠢ ᠨᠡᠪᠳᠡᠷᠡᠬᠦᠯᠬᠦ ᠳᠤᠯᠠ ᠲᠤᠬᠠᠢ᠎ᠵᠢᠨ ᠴᠠᠭ᠎ᠲᠤ᠎ᠨᠢ ᠬᠦᠯᠢᠶᠡᠨ ᠠᠪᠴᠤ ᠦᠵᠡᠭᠡᠷᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604