ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 2020 ᠣᠨ᠎ᠤ ᠡᠵᠡᠩᠨᠡᠯᠲᠡ᠎ᠶᠢᠨ ᠠᠵᠢᠯ᠎ᠤᠨ ᠬᠤᠷᠠᠯ ᠬᠤᠷᠠᠯᠳᠤᠭᠤᠯᠪᠠ
2020.03.20

  2020 ᠣᠨ᠎ᠤ 3 ᠰᠠᠷ᠎ᠠ᠎ᠶᠢᠨ 19᠎ᠤ ᠡᠳᠦᠷ᠎ᠦᠨ ᠦᠳᠡ᠎ᠶᠢᠨ ᠬᠣᠢᠨ᠎ᠠ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 2020 ᠣᠨ᠎ᠤ ᠡᠵᠡᠩᠨᠡᠯᠲᠡ᠎ᠶᠢᠨ ᠠᠵᠢᠯ᠎ᠤᠨ ᠬᠤᠷᠠᠯ ᠬᠤᠷᠠᠯᠳᠤᠭᠤᠯᠪᠠ᠃ ᠲᠤᠰ ᠤᠳᠠᠭᠠᠨ᠎ᠤ ᠬᠤᠷᠠᠯ᠎ᠨᠢ ᠬᠢᠵᠢᠭ᠎ᠢ ᠰᠡᠷᠭᠡᠢᠯᠡᠬᠦ ᠪᠤᠳᠠᠳᠤ ᠪᠠᠢᠳᠠᠯ᠎ᠲᠠᠢ ᠤᠶᠠᠯᠳᠤᠭᠤᠯᠤᠨ ᠳᠦᠷᠰᠦ ᠱᠢᠩᠭᠡᠭᠡᠯᠲᠡ᠎ᠶᠢᠨ ᠬᠤᠷᠠᠯ᠎ᠤᠨ ᠬᠡᠯᠪᠡᠷᠢ᠎ᠪᠡᠷ ᠶᠠᠪᠤᠭᠳᠠᠭᠤᠯᠵᠤ᠂ ᠭᠣᠤᠯ ᠬᠤᠷᠠᠯ᠎ᠤᠨ ᠲᠠᠯᠠᠪᠠᠢ᠎ᠠᠴᠠ ᠭᠠᠳᠠᠨ᠎ᠠ ᠪᠠᠰᠠ ᠲᠠᠪᠤᠨ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠤᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠤᠳᠤᠷᠢᠳᠤᠯᠭ᠎ᠠ᠂ ᠪᠦᠯᠦᠭᠯᠡᠯ᠎ᠦᠨ ᠤᠳᠤᠷᠢᠳᠭᠤ ᠪᠠᠭ᠎ᠤᠨ ᠭᠡᠱᠢᠭᠦᠨ᠂ ᠪᠦᠯᠦᠭᠯᠡᠯ᠎ᠦᠨ ᠶᠡᠷᠦᠩᠬᠡᠢ ᠵᠠᠬᠢᠷᠭᠠᠨ᠎ᠤ ᠺᠠᠳ᠋ᠷ ᠠᠵᠢᠯᠲᠠᠨ᠂ ᠪᠦᠯᠦᠭᠯᠡᠯ᠎ᠦᠨ ᠬᠥᠬᠡᠬᠤᠲᠠ᠎ᠳᠤ ᠰᠠᠭᠤᠭ᠎ᠠ ᠪᠠᠢᠭᠤᠯᠭ᠎ᠠ᠎ᠶᠢᠨ ᠤᠳᠤᠷᠢᠳᠭᠤ ᠪᠠᠭ᠎ᠤᠨ ᠭᠡᠱᠢᠭᠦᠨ᠎ᠨᠠᠷ ᠭᠣᠤᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠵᠤ᠂ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠪᠠᠭᠠᠴᠤᠳ ᠬᠡᠦᠬᠡᠳ᠎ᠦᠨ ᠬᠡᠪᠯᠡᠯ᠎ᠤᠨ ᠬᠣᠷᠢᠶ᠎ᠠ᠂ ᠰᠣᠶᠤᠯ᠎ᠤᠨ ᠬᠡᠪᠯᠡᠯ᠎ᠦᠨ ᠬᠣᠷᠢᠶ᠎ᠠ᠎ᠶᠢᠨ ᠤᠳᠤᠷᠢᠳᠭᠤ ᠪᠠᠭ᠎ᠤᠨ ᠭᠡᠱᠢᠭᠦᠨ᠂ ᠬᠠᠷᠢᠶ᠎ᠠ ᠪᠠᠢᠭᠤᠯᠭ᠎ᠠ᠎ᠶᠢᠨ ᠬᠠᠮᠢᠶ᠎ᠠ ᠪᠦᠬᠦᠢ ᠲᠠᠰᠤᠭ᠎ᠤᠨ ᠬᠠᠷᠢᠭᠤᠴᠠᠯᠭᠠᠲᠠᠨ᠎ᠨᠠᠷ ᠲᠠᠪᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠲᠤᠰ ᠲᠤᠰ ᠬᠤᠷᠠᠯ᠎ᠳᠤ ᠣᠷᠤᠯᠴᠠᠵᠠᠢ᠃ ᠬᠤᠷᠠᠯ᠎ᠢ ᠬᠡᠪᠯᠡᠯ᠎ᠦᠨ ᠪᠦᠯᠦᠭᠯᠡᠯ᠎ᠤᠨ ᠶᠡᠷᠦᠩᠬᠡᠢ ᠨᠠᠢᠷᠠᠭᠤᠯᠤᠭᠴᠢ ᠴᠡᠴᠡᠭ ᠡᠷᠭᠢᠯᠡᠵᠦ᠂ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠽᠧᠩ ᠬᠠᠨ ᠬᠡᠪᠯᠡᠯ᠎ᠦᠨ ᠪᠦᠯᠦᠭᠯᠡᠯ᠎ᠦᠨ 2019 ᠣᠨ᠎ᠤ ᠡᠵᠡᠩᠨᠡᠯᠲᠡ᠎ᠶᠢᠨ ᠠᠵᠢᠯ᠎ᠢ ᠳ᠋ᠦᠩᠨᠡᠵᠦ᠂ 2020 ᠣᠨ᠎ᠤ ᠭᠣᠤᠯᠳᠠᠯᠭ᠎ᠠ᠎ᠲᠠᠢ ᠡᠵᠡᠩᠨᠡᠯᠲᠡ᠎ᠶᠢᠨ ᠠᠵᠢᠯ᠎ᠢ ᠪᠠᠢᠷᠢᠯᠠᠭᠤᠯᠵᠤ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠳ᠋ᠦᠩᠨᠡᠯᠲᠡ᠎ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠬᠡᠯᠲᠡᠰ᠎ᠦᠨ ᠳᠠᠷᠤᠭ᠎ᠠ ᠬᠠᠨ ᠶᠦᠨ ᠱᠢᠶᠠᠩ ᠴᠢᠬᠤᠯᠠ ᠶᠠᠷᠢᠶ᠎ᠠ ᠲᠠᠯᠪᠢᠪᠠ᠃ 

 

 

  ᠪᠦᠯᠦᠭᠯᠡᠯ᠎ᠦᠨ ᠶᠡᠷᠦᠩᠬᠡᠢ ᠳᠠᠭᠠᠭᠠᠮᠠᠯ ᠽᠧᠩ ᠬᠠᠨ 2019 ᠣᠨ᠎ᠤ ᠡᠵᠡᠩᠨᠡᠯᠲᠡ᠎ᠶᠢᠨ ᠠᠵᠢᠯ᠎ᠢ ᠪᠦᠬᠦ ᠲᠠᠯ᠎ᠠ᠎ᠪᠠᠷ ᠡᠷᠭᠢᠴᠡᠭᠦᠯᠵᠦ᠂ ᠡᠯ᠎ᠡ ᠲᠠᠯ᠎ᠠ᠎ᠶᠢᠨ ᠠᠵᠢᠯ᠎ᠤᠨ ᠭᠢᠯᠠᠯᠵᠠᠭᠰᠠᠨ ᠠᠮᠵᠢᠯᠲᠠ᠎ᠶᠢ ᠳ᠋ᠦᠩᠨᠡᠵᠦ᠂ ᠣᠷᠤᠱᠢᠵᠤ ᠪᠠᠢᠭ᠎ᠠ ᠠᠰᠠᠭᠤᠳᠠᠯ᠎ᠢ ᠵᠠᠳᠠᠯᠤᠭᠰᠠᠨ᠎ᠤ ᠰᠠᠭᠤᠷᠢᠨ ᠳᠡᠭᠡᠷ᠎ᠡ᠂ 2020 ᠣᠨ᠎ᠤ ᠭᠣᠤᠯᠳᠠᠯᠭ᠎ᠠ᠎ᠲᠠᠢ ᠠᠵᠢᠯ᠎ᠢ ᠬᠡᠪᠯᠡᠯ᠎ᠦᠨ ᠭᠣᠤᠯᠯᠠᠬᠤ ᠦᠢᠯᠡᠰ᠎ᠦᠨ ᠪᠠᠢᠭᠤᠯᠤᠯᠲᠠ᠂ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠂ ᠣᠯᠠᠨ ᠡᠱᠢᠲᠦ ᠠᠵᠤ ᠦᠢᠯᠡᠰ᠎ᠦᠨ ᠪᠠᠢᠭᠤᠯᠤᠯᠲᠠ᠂ ᠡᠩᠨᠡᠭᠡᠨ᠎ᠦ ᠪᠠᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠲᠠᠪᠤᠨ ᠲᠠᠯ᠎ᠠ᠎ᠪᠠᠷ ᠨᠠᠷᠢᠨ ᠪᠠᠢᠷᠢᠯᠠᠭᠤᠯᠵᠤ᠂ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠱᠢᠨ᠎ᠡ ᠬᠠᠭᠤᠳᠠᠰᠤ᠎ᠶᠢ ᠪᠢᠴᠢᠭᠯᠡᠨ᠂ ᠪᠦᠬᠦ ᠲᠠᠯ᠎ᠠ᠎ᠪᠠᠷ ᠴᠢᠨᠡᠭᠡᠯᠢᠭ ᠨᠡᠢᠭᠡᠮ᠎ᠢ ᠪᠠᠢᠭᠤᠯᠬᠤ᠎ᠳᠤ ᠰᠣᠶᠤᠯ᠎ᠤᠨ ᠲᠠᠯ᠎ᠠ᠎ᠪᠠᠷ ᠬᠦᠴᠦᠨ᠎ᠢᠶᠡᠨ ᠡᠷᠭᠦᠰᠦᠭᠡᠢ ᠭᠡᠵᠦ ᠤᠷᠢᠶᠠᠯᠠᠪᠠ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠶᠠᠷᠢᠶᠠᠨ᠎ᠳᠤ᠎ᠪᠠᠨ ᠬᠡᠪᠯᠡᠯ᠎ᠦᠨ ᠪᠦᠯᠦᠭᠯᠡᠯ ᠪᠠᠢᠭᠤᠯᠤᠭᠳᠠᠭᠰᠠᠨ ᠠᠷᠪᠠᠨ ᠵᠢᠯ᠎ᠤᠨ ᠬᠥᠭᠵᠢᠯᠲᠡ᠎ᠶᠢᠨ ᠪᠠᠢᠳᠠᠯ᠎ᠢ ᠡᠷᠭᠢᠴᠡᠭᠦᠯᠵᠦ᠂ ᠥᠩᠭᠡᠷᠡᠭᠰᠡᠨ᠎ᠦ ᠠᠵᠢᠯ᠎ᠢ ᠲᠠᠪᠤᠨ ᠲᠠᠯ᠎ᠠ᠎ᠪᠠᠷ ᠬᠣᠷᠢᠶᠠᠨ ᠳ᠋ᠦᠩᠨᠡᠵᠦ᠂ ᠴᠠᠭ᠎ᠤᠨ ᠪᠠᠢᠳᠠᠯ ᠪᠠ ᠬᠡᠪᠯᠡᠯ᠎ᠦᠨ ᠦᠢᠯᠡᠰ᠎ᠦᠨ ᠪᠣᠳᠠᠲᠠᠢ ᠪᠠᠢᠳᠠᠯ᠎ᠳᠤ ᠭᠦᠨᠵᠡᠭᠡᠢ ᠵᠠᠳᠠᠯᠤᠯᠲᠠ ᠬᠢᠵᠦ᠂ 2020 ᠣᠨ᠎ᠤ ᠪᠦᠬᠦ ᠲᠠᠯ᠎ᠠ᠎ᠶᠢᠨ ᠠᠵᠢᠯ᠎ᠤᠨ ᠡᠭᠦᠷᠭᠡ ᠪᠠ ᠬᠠᠷᠠᠯᠲᠠ᠎ᠶᠢ ᠴᠢᠬᠤᠯᠠᠴᠢᠯᠠᠨ ᠪᠠᠢᠷᠢᠯᠠᠭᠤᠯᠵᠤ᠂ ᠥᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠪᠡᠷ ᠬᠢᠵᠢᠭ᠎ᠢ ᠰᠡᠷᠭᠡᠢᠯᠡᠬᠦ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠨᠠᠮ᠎ᠤᠨ ᠪᠠᠢᠭᠤᠯᠤᠯᠲᠠ᠎ᠶᠢᠨ ᠠᠵᠢᠯ ᠪᠠ ᠰᠤᠷᠳᠠᠯ᠎ᠤᠨ ᠪᠠᠢᠭᠤᠯᠤᠯᠲᠠ᠎ᠶᠢᠨ ᠠᠵᠢᠯ᠎ᠢ ᠦᠷᠭᠦᠯᠵᠢᠯᠡᠨ ᠴᠢᠩᠭᠠᠳᠭᠠᠨ᠂ ᠡᠵᠡᠩᠨᠡᠯᠲᠡ᠎ᠶᠢᠨ ᠠᠵᠢᠯ᠎ᠤᠨ ᠲᠣᠭᠲᠠᠭᠤᠨ᠎ᠢᠶᠠᠷ ᠦᠷᠭᠦᠯᠵᠢᠯᠡᠨ ᠬᠥᠭᠵᠢᠬᠦ ᠬᠠᠨᠳᠤᠱᠢ᠎ᠶᠢ ᠪᠠᠲᠤᠯᠠᠬᠤ᠎ᠶᠢ ᠱᠠᠭᠠᠷᠳᠠᠵᠤ᠂ ᠪᠣᠳᠠᠲᠠᠢ ᠠᠵᠢᠯᠯᠠᠭ᠎ᠠ᠎ᠪᠠᠷ᠎ᠢᠶᠡᠨ ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ᠎ᠤ ᠢᠯᠠᠯᠲᠠ ᠪᠠ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠬᠤ᠎ᠳᠤ ᠬᠤᠪᠢ ᠨᠡᠮᠡᠷᠢ᠎ᠪᠡᠨ ᠦᠵᠡᠭᠦᠯᠦᠶ᠎ᠡ ᠭᠡᠵᠡᠢ᠃ ᠱᠤᠸᠠᠩ ᠯᠦᠩ ᠱᠦᠵᠢ᠎ᠶᠢᠨ ᠶᠠᠷᠢᠶ᠎ᠠ᠎ᠨᠢ ᠬᠡᠪᠯᠡᠯ᠎ᠦᠨ ᠪᠦᠯᠦᠭᠯᠡᠯ ᠵᠢᠴᠢ ᠬᠠᠷᠢᠶ᠎ᠠ ᠪᠠᠢᠭᠤᠯᠭ᠎ᠠ᠎ᠶᠢᠨ 2020 ᠣᠨ᠎ᠤ ᠠᠵᠢᠯ᠎ᠢ ᠥᠷᠨᠢᠭᠦᠯᠬᠦ᠎ᠳᠤ ᠴᠢᠬᠤᠯᠠ ᠵᠢᠭᠠᠪᠤᠷᠢ ᠬᠠᠩᠭᠠᠵᠠᠢ᠃ 

 

 

  ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠬᠡᠯᠲᠡᠰ᠎ᠦᠨ ᠳᠠᠷᠤᠭ᠎ᠠ ᠬᠠᠨ ᠶᠦᠨ ᠱᠢᠶᠠᠩ ᠶᠠᠷᠢᠶᠠᠨ᠎ᠳᠤ᠎ᠪᠠᠨ ᠬᠡᠪᠯᠡᠯ᠎ᠦᠨ ᠪᠦᠯᠦᠭᠯᠡᠯ᠎ᠦᠨ 2019᠎ᠣᠨ᠎ᠤ ᠠᠵᠢᠯ᠎ᠤᠨ ᠠᠮᠵᠢᠯᠲᠠ᠎ᠶᠢ ᠭᠤᠷᠪᠠᠨ ᠲᠠᠯ᠎ᠠ᠎ᠪᠠᠷ ᠥᠨᠳᠦᠷ ᠦᠨᠡᠯᠡᠨ᠂ ᠣᠨᠴᠠᠭᠠᠢᠯᠠᠨ ᠬᠢᠵᠢᠭ᠎ᠤᠨ ᠬᠤᠭᠤᠴᠠᠭᠠᠨ᠎ᠳᠤ ᠨᠠᠢ᠍ᠮᠠᠨ ᠮᠤᠵᠢ ᠣᠷᠤᠨ᠎ᠤ ᠮᠣᠩᠭᠤᠯ᠎ᠢᠶᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭᠱᠢ ᠰᠤᠷᠤᠭᠴᠢᠳ᠎ᠲᠤ ᠰᠤᠷᠬᠤ ᠪᠢᠴᠢᠭ᠎ᠦᠨ ᠡᠯᠧᠺᠲᠷᠤᠨ ᠬᠡᠪᠯᠡᠯ ᠪᠠ ᠬᠠᠷᠠᠭᠠᠯᠵᠠᠭᠰᠠᠨ ᠡᠬᠢ ᠪᠠᠶᠠᠯᠢᠭ ᠵᠢᠴᠢ ᠳᠠᠶᠠᠩ ᠣᠶᠤᠨᠲᠤ ᠬᠢᠴᠢᠶᠡᠯᠯᠡᠭᠡ᠎ᠶᠢᠨ ᠲᠠᠪᠴᠠᠩ᠎ᠢ ᠴᠠᠭ ᠲᠤᠬᠠᠢ᠎ᠳᠤ᠎ᠨᠢ ᠦᠨ᠎ᠡ ᠲᠥᠯᠦᠪᠦᠷᠢ᠎ᠦᠭᠡᠢ᠎ᠪᠡᠷ ᠬᠠᠩᠭᠠᠭᠰᠠᠨ ᠠᠵᠢᠯᠯᠠᠭ᠎ᠠ᠎ᠶᠢ ᠮᠠᠭᠲᠠᠨ ᠰᠠᠢᠱᠢᠶᠠᠵᠤ᠂ 2020 ᠣᠨ᠎ᠤ ᠠᠵᠢᠯ᠎ᠤᠨ ᠲᠤᠬᠠᠢ ᠵᠢᠷᠭᠤᠭᠠᠨ ᠲᠠᠯ᠎ᠠ᠎ᠶᠢᠨ ᠵᠢᠯᠤᠭᠤᠳᠭᠤ ᠰᠠᠨᠠᠯ ᠥᠭᠴᠡᠢ᠄ ᠨᠢᠭᠡ᠎ᠳᠤ᠂ ᠬᠡᠪᠯᠡᠯ᠎ᠦᠨ ᠭᠣᠤᠯ ᠦᠢᠯᠡᠰ᠎ᠦᠨ ᠬᠥᠭᠵᠢᠯᠲᠡ᠎ᠶᠢ ᠪᠠᠷᠢᠮᠲᠠᠯᠠᠵᠤ᠂ ᠰᠡᠳᠦᠪ ᠰᠣᠩᠭᠤᠯᠲᠠ ᠪᠠ ᠬᠡᠪᠯᠡᠯ᠎ᠦᠨ ᠴᠢᠨᠠᠷ᠎ᠢ ᠪᠠᠲᠤᠯᠠᠨ᠂ ᠬᠡᠪᠯᠡᠯ᠎ᠦᠨ ᠦᠢᠯᠡᠰ᠎ᠦᠨ ᠱᠢᠨ᠎ᠡ ᠪᠦᠲᠦᠮᠵᠢ᠎ᠶᠢ ᠡᠭᠦᠳᠬᠦ᠎ᠶᠢ ᠴᠢᠩᠭᠠᠳᠭᠠᠬᠤ ᠬᠡᠷᠡᠭᠲᠡᠢ᠃ ᠬᠣᠶᠠᠷ᠎ᠲᠤ᠂ ᠱᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠬᠡᠪᠯᠡᠯ᠎ᠦᠨ ᠦᠢᠯᠡᠰ᠎ᠦᠨ ᠳ᠋ᠢᠭᠢᠲᠴᠢᠯᠡᠯᠲᠡ᠎ᠶᠢ ᠬᠤᠷᠳᠤᠳᠭᠠᠬᠤ᠎ᠶᠢ ᠠᠬᠢᠭᠤᠯᠬᠤ ᠬᠡᠷᠡᠭᠲᠡᠢ᠃ ᠭᠤᠷᠪᠠ᠎ᠳᠤ᠂ ᠣᠯᠠᠨ ᠡᠱᠢᠴᠢᠯᠡᠭᠰᠡᠨ ᠬᠥᠭᠵᠢᠯᠲᠡ᠎ᠶᠢ ᠪᠠᠷᠢᠮᠲᠠᠯᠠᠵᠤ ᠠᠵᠤ ᠦᠢᠯᠡᠰ᠎ᠦᠨ ᠬᠡᠯᠪᠡᠷᠢ ᠱᠢᠯᠵᠢᠯᠲᠡ᠎ᠶᠢ ᠠᠬᠢᠭᠤᠯᠬᠤ ᠬᠡᠷᠡᠭᠲᠡᠢ᠃ ᠳᠥᠷᠪᠡ᠎ᠳᠤ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠪᠠᠷᠢᠮᠲᠠᠯᠠᠵᠤ᠂ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠱᠢᠪᠲᠤᠯᠤᠯᠲᠠ᠎ᠶᠢ ᠪᠡᠶᠡᠯᠡᠭᠦᠯᠬᠦ ᠬᠡᠷᠡᠭᠲᠡᠢ᠃ ᠲᠠᠪᠤ᠎ᠳᠤ᠂ ᠲᠥᠯᠦᠪᠵᠢᠭᠦᠯᠭᠡ᠎ᠶᠢᠨ ᠬᠥᠲᠦᠯᠦᠯᠲᠡ᠎ᠶᠢ ᠪᠠᠷᠢᠮᠲᠠᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ》 ᠎ᠶᠢ ᠰᠠᠢᠲᠤᠷ ᠨᠠᠢᠷᠠᠭᠤᠯᠤᠨ ᠵᠣᠬᠢᠶᠠᠬᠤ ᠬᠡᠷᠡᠭᠲᠡᠢ᠃ ᠵᠢᠷᠭᠤᠭ᠎ᠠ᠎ᠳᠤ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠪᠠᠷ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠥᠲᠦᠯᠬᠦ ᠬᠡᠷᠡᠭᠲᠡᠢ ᠭᠡᠵᠡᠢ᠃ 

 

 

  ᠬᠤᠷᠠᠯ ᠳᠡᠭᠡᠷ᠎ᠡ ᠪᠠᠰᠠ 2019 ᠣᠨ᠎ᠤ ᠠᠵᠢᠯ᠎ᠳᠤ ᠭᠠᠷᠮᠠᠭᠠᠢ ᠵᠢᠳᠭᠦᠯ ᠦᠵᠡᠭᠦᠯᠦᠭᠰᠡᠨ ᠪᠦᠯᠦᠭᠯᠡᠯ᠎ᠤᠨ ᠬᠠᠷᠢᠶ᠎ᠠ 6 ᠪᠠᠢᠭᠤᠯᠭ᠎ᠠ᠂ 31 ᠬᠤᠪᠢ ᠬᠥᠮᠦᠨ᠎ᠢ ᠬᠥᠬᠢᠭᠦᠯᠦᠨ ᠱᠠᠩᠨᠠᠬᠤ ᠲᠣᠭᠲᠠᠭᠠᠯ᠎ᠢ ᠨᠡᠢᠲᠡᠯᠡᠵᠦ᠂ ᠨᠡᠢᠲᠡ ᠣᠯᠠᠨ᠎ᠢ ᠳᠠᠭᠠᠨ ᠰᠤᠷᠤᠯᠴᠠᠲᠤᠭᠠᠢ ᠭᠡᠵᠦ ᠤᠷᠢᠶᠠᠯᠠᠪᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604