ᠶᠡᠷᠦᠩᠬᠡᠢ ᠱᠦᠵᠢ ᠰᠢ᠎ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠵᠦ᠂ ᠥᠪᠡᠷᠲᠡᠭᠡᠨ ᠵᠠᠰᠠᠬᠤ ᠣᠷᠤᠨ᠎ᠤ ᠰᠤᠷᠭᠠᠨ ᠬᠥᠮᠦᠵᠢᠯ ᠱᠢᠨᠵᠢᠯᠡᠬᠦ ᠤᠬᠠᠭᠠᠨ ᠰᠣᠶᠤᠯ ᠡᠷᠡᠭᠦᠯ ᠬᠠᠮᠠᠭᠠᠯᠠᠯ ᠪᠡᠶ᠎ᠡ᠎ᠶᠢᠨ ᠳᠠᠮᠢᠷ᠎ᠤᠨ ᠠᠵᠢᠯᠴᠢᠨ᠎ᠤ ᠡᠪᠯᠡᠯ᠎ᠡᠴᠡ ᠬᠠᠮᠳᠤᠷᠠᠭᠰᠠᠨ ᠭᠣᠤᠯ ᠰᠡᠳᠦᠪᠳᠤ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ
2020.05.29

  5 ᠰᠠᠷ᠎ᠠ᠎ᠶᠢᠨ 28᠎ᠤ ᠡᠳᠦᠷ᠎ᠦᠨ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ᠎ᠤ ᠰᠤᠷᠭᠠᠨ ᠬᠥᠮᠦᠵᠢᠯ ᠱᠢᠨᠵᠢᠯᠡᠬᠦ ᠤᠬᠠᠭᠠᠨ ᠰᠣᠶᠤᠯ ᠡᠷᠡᠭᠦᠯ ᠬᠠᠮᠠᠭᠠᠯᠠᠯ ᠪᠡᠶ᠎ᠡ᠎ᠶᠢᠨ ᠳᠠᠮᠢᠷ᠎ᠤᠨ ᠠᠵᠢᠯᠴᠢᠨ᠎ᠤ ᠡᠪᠯᠡᠯ᠎ᠡᠴᠡ ᠵᠣᠬᠢᠶᠠᠨ ᠪᠠᠢᠭᠤᠯᠵᠦ᠂ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ᠂ ᠥᠪᠦᠷ ᠮᠣᠩᠭᠤᠯ᠎ᠤᠨ ᠱᠢᠨᠬᠤᠸᠠ ᠳᠠᠷᠬᠠᠭᠠᠯᠳᠠ᠎ᠶᠢᠨ ᠪᠦᠯᠦᠭᠯᠡᠯ᠂ ᠥᠪᠦᠷ ᠮᠣᠩᠭᠤᠯ᠎ᠤᠨ ᠺᠢᠨᠤ᠋᠎ᠶᠢᠨ ᠪᠦᠯᠦᠭᠯᠡᠯ᠎ᠤᠨ ᠠᠵᠢᠯᠴᠢᠨ᠎ᠤ ᠡᠪᠯᠡᠯ᠎ᠦᠨ ᠳᠡᠷᠢᠬᠦᠯᠡᠭᠴᠢ ᠬᠢᠭᠡᠳ ᠨᠠᠮ᠎ᠤᠨ ᠬᠡᠱᠢᠬᠦᠨ ᠠᠵᠢᠯᠳᠠᠨ᠎ᠤ ᠳᠦᠯᠦᠭᠡᠯᠡᠭᠴᠢ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯᠳᠦ ᠺᠣᠮᠫᠠᠨᠢ᠎ᠳᠤ ᠬᠠᠮᠳᠤᠷᠠᠭᠰᠠᠨ ᠪᠠᠢᠴᠠᠭᠠᠨ ᠰᠤᠳᠤᠯᠤᠯᠳᠠ ᠪᠠ ᠬᠠᠮᠳᠤᠷᠠᠭᠰᠠᠨ ᠭᠣᠤᠯ ᠰᠡᠳᠦᠪᠳᠤ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ᠃

ᠬᠤᠷᠠᠯ᠎ᠤᠨ ᠠᠬᠤᠢ ᠲᠠᠯᠠᠪᠠᠢ

  ᠡᠨᠡ ᠤᠳᠠᠭᠠᠨ᠎ᠤ ᠠᠵᠢᠯᠯᠠᠭ᠎ᠠ᠎ᠳᠤ ᠤᠯᠠᠨ᠎ᠢᠶᠠᠷ᠎ᠢᠶᠠᠨ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠭᠣᠤᠯᠳᠠᠯᠭ᠎ᠠ᠎ᠲᠠᠢ ᠠᠵᠢᠯ᠎ᠢ ᠥᠷᠨᠢᠭᠦᠯᠦᠭᠰᠡᠨ ᠪᠠᠢᠳᠠᠯ ᠵᠢᠴᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢ ᠪᠠᠢᠩᠭᠤᠴᠢᠯᠠᠬᠤ ᠱᠠᠭᠠᠷᠳᠠᠯᠭ᠎ᠠ ᠳᠣᠤᠷᠠᠬᠢ ᠠᠵᠢᠯᠳᠠᠨ᠎ᠤ ᠦᠢᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠨᠠᠷᠢᠨ ᠣᠢᠯᠠᠭᠠᠪᠠ᠃ ᠬᠠᠮᠳᠤ᠎ᠳᠤᠨᠢ ᠶᠡᠷᠦᠩᠬᠡᠢ ᠱᠦᠵᠢ ᠰᠢ᠎ᠵᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠤᠳᠠᠭᠠᠨ᠎ᠤ ᠬᠤᠷᠠᠯᠳᠤᠭᠠᠨ᠎ᠳᠤ ᠥᠪᠦᠷ ᠮᠣᠩᠭᠤᠯ᠎ᠤᠨ ᠳᠦᠯᠦᠭᠡᠯᠡᠭᠴᠢᠳ᠎ᠦᠨ ᠬᠢᠨᠠᠨ ᠵᠦᠪᠯᠡᠯᠳᠡ ᠳᠡᠭᠡᠷ᠎ᠡ ᠶᠠᠷᠢᠭᠰᠠᠨ ᠶᠠᠷᠢᠶᠠᠨ᠎ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠵᠢᠨ ᠫᠢᠩ᠎ᠤᠨ ᠵᠸᠩᠵᠸᠦ᠎ᠶᠢᠨ ᠶᠤᠸᠠᠨ ᠹᠠᠩ ᠪᠦᠯᠦᠭᠯᠡᠯ᠎ᠦᠨ ᠪᠦᠬᠦ ᠠᠵᠢᠯᠳᠠᠳ᠎ᠲᠤ ᠥᠭᠭᠦᠭᠰᠡᠨ ᠬᠠᠷᠢᠭᠤ ᠵᠠᠬᠢᠳᠠᠯ᠎ᠢᠶᠠᠷ ᠭᠣᠤᠯ ᠪᠤᠯᠭᠠᠵᠦ᠂ ᠶᠡᠷᠦᠩᠬᠡᠢ ᠱᠦᠵᠢ ᠰᠢ᠎ᠵᠢᠨ ᠫᠢᠩ᠎ᠤᠨ ᠳᠤᠮᠳᠠᠳᠤ ᠤᠯᠤᠰ᠎ᠤᠨ ᠬᠥᠳᠡᠯᠮᠦᠷᠢ᠎ᠶᠢᠨ ᠬᠠᠷᠢᠴᠠᠭᠠᠨ᠎ᠤ ᠳᠡᠭᠡᠳᠦ ᠰᠤᠷᠭᠠᠭᠤᠯᠢ᠎ᠶᠢᠨ ᠬᠥᠳᠡᠯᠮᠦᠷᠢ᠎ᠶᠢᠨ ᠵᠢᠱ᠌ᠢᠶᠡᠴᠢ᠎ᠶᠢᠨ ᠵᠢᠩᠬᠢᠨᠢ ᠠᠩᠭᠢ᠎ᠶᠢᠨ ᠰᠤᠷᠤᠯᠭᠠᠳᠠᠨ ᠪᠠ ᠥᠪᠦᠷ ᠮᠣᠩᠭᠤᠯ᠎ᠤᠨ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠦ᠋ᠴᠢᠷ᠎ᠦᠨ ᠭᠡᠱᠢᠭᠦᠳ᠎ᠲᠦ ᠥᠭᠭᠦᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ᠎ᠶᠢ ᠳᠠᠬᠢᠨ ᠡᠷᠭᠢᠴᠡᠭᠦᠯᠵᠦ᠂ ᠰᠤᠳᠤᠯᠤᠨ ᠶᠠᠷᠢᠯᠴᠠᠯᠭ᠎ᠠ ᠥᠷᠨᠢᠭᠦᠯᠦᠨ᠂ ᠤᠯᠤᠯᠳᠠ ᠤᠢᠯᠠᠭᠠᠯᠳᠠ᠎ᠪᠠᠨ ᠰᠣᠯᠢᠯᠴᠠᠭᠰᠠᠨ ᠪᠠᠢᠨ᠎ᠠ᠃

ᠥᠪᠡᠷᠲᠡᠭᠡᠨ ᠵᠠᠰᠠᠬᠤ ᠣᠷᠤᠨ᠎ᠤ ᠰᠤᠷᠭᠠᠨ ᠬᠥᠮᠦᠵᠢᠯ ᠱᠢᠨᠵᠢᠯᠡᠬᠦ ᠤᠬᠠᠭᠠᠨ
ᠰᠣᠶᠤᠯ ᠡᠷᠡᠭᠦᠯ ᠬᠠᠮᠠᠭᠠᠯᠠᠯ ᠪᠡᠶ᠎ᠡ᠎ᠶᠢᠨ ᠳᠠᠮᠢᠷ᠎ᠤᠨ ᠠᠵᠢᠯᠴᠢᠨ᠎ᠤ ᠡᠪᠯᠡᠯ᠎ᠤᠨ
ᠳᠡᠳ ᠳᠡᠷᠢᠬᠦᠯᠡᠭᠴᠢ ᠵᠠᠩ ᠭᠦᠤᠸ ᠯᠢ ᠬᠤᠷᠠᠯ ᠡᠷᠬᠢᠯᠡᠪᠡ

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠢᠯᠴᠢᠨ᠎ᠤ ᠡᠪᠯᠡᠯ᠎ᠦᠨ ᠳᠡᠷᠢᠬᠦᠯᠡᠭᠴᠢ ᠮᠥᠩᠬᠡ ᠢᠯᠡᠳᠭᠡᠯ ᠬᠢᠪᠡ

  ᠶᠡᠷᠦᠩᠬᠡᠢ ᠱᠦᠵᠢ ᠰᠢ᠎ᠵᠢᠨ ᠫᠢᠩ ᠵᠸᠩᠵᠸᠦ᠎ᠶᠢᠨ ᠶᠤᠸᠠᠨ ᠹᠠᠩ ᠪᠦᠯᠦᠭᠯᠡᠯ᠎ᠦᠨ ᠪᠦᠬᠦ ᠠᠵᠢᠯᠳᠠᠳ᠎ᠲᠤ ᠥᠭᠭᠦᠭᠰᠡᠨ ᠬᠠᠷᠢᠭᠤ ᠵᠠᠬᠢᠳᠠᠯ᠎ᠳᠤ᠎ᠪᠠᠨ ᠵᠢᠭᠠᠭᠰᠠᠨ᠎ᠨᠢ᠂ ᠠᠭᠤᠤ ᠶᠡᠬᠡ ᠢᠨᠦ ᠡᠬᠡᠯ ᠶᠡᠷᠦᠮᠳᠡᠭ᠎ᠡᠴᠡ ᠡᠭᠦᠰᠴᠦ᠂ ᠠᠷᠤᠤᠬᠠᠨ ᠪᠠᠭᠠᠳᠤᠷ ᠠᠨᠤ ᠠᠷᠠᠳ ᠳᠦᠮᠡᠨ᠎ᠡᠴᠡ ᠢᠷᠡᠮᠦᠢ᠃ ᠬᠡᠨᠡᠳᠳᠡ ᠳᠤᠯᠭᠠᠷᠠᠭᠰᠠᠨ ᠬᠢᠵᠢᠭ᠎ᠦᠨ ᠪᠠᠢᠳᠠᠯ᠎ᠳᠤ ᠨᠢᠭᠡᠳᠦᠭᠡᠷ ᠹᠷᠤᠨᠲ᠎ᠤᠨ ᠡᠮᠴᠢ ᠠᠵᠢᠯᠳᠠᠨ᠎ᠡᠴᠡ ᠡᠬᠢᠯᠡᠨ ᠡᠯ᠎ᠡ ᠡᠳᠡᠬᠡᠳ᠎ᠦᠨ ᠬᠢᠨ ᠰᠡᠷᠭᠡᠢᠯᠡᠨ ᠡᠵᠡᠮᠳᠡᠬᠦ ᠠᠵᠢᠯ᠎ᠳᠤ ᠤᠷᠤᠯᠴᠠᠵᠦ᠂ ᠣᠷᠴᠢᠨ ᠳᠤᠭᠤᠷᠢᠨ᠎ᠤ ᠠᠷᠢᠭᠤᠨ ᠴᠡᠪᠡᠷ᠎ᠤᠨ ᠠᠵᠢᠯᠴᠢᠨ᠂ ᠳᠦᠷᠬᠡᠨ ᠬᠦᠷᠬᠡᠯᠳᠡ᠎ᠡᠴᠡ ᠬᠢᠵᠢᠭ᠎ᠢ ᠰᠡᠷᠭᠡᠢᠯᠡᠬᠦ᠎ᠤᠨ ᠦᠢᠯᠡᠳᠪᠦᠷᠢᠯᠡᠭᠴᠢ ᠬᠦᠷᠳᠡᠯ᠎ᠡ ᠳᠦᠮᠡ ᠪᠤᠮᠠᠨ ᠬᠥᠳᠡᠯᠮᠦᠷᠢᠴᠢᠨ ᠤᠯᠠᠨ ᠥᠪᠡᠷ ᠥᠪᠡᠷ᠎ᠦᠨ ᠠᠵᠢᠯ᠎ᠤᠨ ᠪᠠᠢᠷᠢ᠎ᠳᠤ᠎ᠪᠠᠨ ᠭᠠᠪᠱᠢᠭᠠᠢᠯᠠᠵᠦ᠂ ᠥᠭᠭᠢᠶᠡᠮᠦᠷ ᠰᠡᠳᠭᠢᠯ᠎ᠢᠶᠡᠷ ᠡᠷᠭᠦᠨ ᠬᠠᠨᠳᠢᠪᠯᠠᠵᠦ᠂ ᠤᠷᠱᠢᠭᠳᠤ ᠬᠢᠵᠢᠭ᠎ᠢ ᠢᠯᠠᠨ ᠳᠠᠪᠠᠬᠤ ᠠᠤᠭ᠎ᠠ ᠬᠦᠴᠦᠨ ᠪᠤᠯᠵᠦ ᠨᠢᠭᠳᠠᠷᠠᠪᠠ᠃ ᠥᠷᠭᠡᠨ ᠤᠯᠠᠨ ᠬᠥᠳᠡᠯᠮᠦᠷᠢᠴᠢᠨ ᠳᠦᠮᠡᠨ ᠢᠳᠡᠭᠡᠯ ᠵᠣᠷᠢᠭ᠎ᠢᠶᠡᠨ ᠪᠠᠷᠢᠮᠲᠠᠯᠠᠨ᠂ ᠡᠷᠡᠮᠡᠬᠡᠢ ᠬᠦᠴᠦᠨ᠎ᠢᠶᠠᠨ ᠪᠠᠳᠤᠯᠠᠵᠦ᠂ ᠬᠥᠳᠡᠯᠮᠦᠷᠢ᠎ᠶᠢᠨ ᠵᠣᠷᠢᠭ ᠰᠠᠨᠠᠭ᠎ᠠ᠎ᠶᠢ ᠪᠠᠳᠠᠷᠠᠭᠤᠯᠤᠨ᠂ ᠬᠦᠴᠢᠷ ᠪᠡᠷᠬᠡ ᠬᠠᠷᠱᠢ ᠰᠠᠭᠠᠳ᠎ᠢ ᠡᠷᠬᠡᠱᠢᠶᠡᠵᠦ᠂ ᠡᠭᠡᠯ ᠵᠢᠷ᠎ᠤᠨ ᠠᠵᠢᠯ᠎ᠤᠨ ᠪᠠᠢᠷᠢ᠎ᠳᠤ ᠡᠬᠡᠯ ᠵᠢᠷ᠎ᠤᠨ ᠪᠤᠰᠤ ᠦᠯᠢᠭᠡᠷ᠎ᠢ ᠵᠠᠯᠭᠠᠨ ᠪᠢᠴᠢᠭᠯᠡᠵᠦ᠂ ᠱᠢᠷᠭᠠᠭᠤ ᠬᠥᠳᠡᠯᠮᠦᠷᠢ᠎ᠪᠡᠷ᠎ᠢᠶᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ᠎ᠦᠨ ᠬᠦᠭᠵᠢᠯᠳᠠ᠎ᠳᠤ ᠨᠡᠩ ᠶᠡᠬᠡ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ᠃  

ᠥᠪᠦᠷ ᠮᠣᠩᠭᠤᠯ᠎ᠤᠨ ᠱᠢᠨᠬᠤᠸᠠ ᠳᠠᠷᠬᠠᠭᠠᠯᠳᠠ᠎ᠶᠢᠨ ᠪᠦᠯᠦᠭᠯᠡᠯ᠎ᠦᠨ ᠠᠵᠢᠯᠴᠢᠨ᠎ᠤ
ᠡᠪᠯᠡᠯ᠎ᠦᠨ ᠳᠡᠳ ᠳᠡᠷᠢᠬᠦᠯᠡᠭᠴᠢ ᠺᠸ ᠶᠦᠨ ᠱ᠌ᠢᠶᠠ ᠢᠯᠡᠳᠭᠡᠯ ᠬᠢᠪᠡ

 

ᠥᠪᠦᠷ ᠮᠣᠩᠭᠤᠯ᠎ᠤᠨ ᠺᠢᠨᠤ᠋᠎ᠶᠢᠨ ᠪᠦᠯᠦᠭᠯᠡᠯ᠎ᠦᠨ ᠠᠵᠢᠯᠴᠢᠨ᠎ᠤ ᠡᠪᠯᠡᠯ᠎ᠦᠨ
ᠳᠡᠷᠢᠬᠦᠯᠡᠭᠴᠢ ᠬᠠᠨ ᠭᠦᠤᠸ ᠹᠸᠩ ᠢᠯᠡᠳᠭᠡᠯ ᠬᠢᠪᠡ
ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠶᠢᠨ ᠨᠠᠢᠷᠠᠭᠤᠯᠬᠤ
ᠬᠡᠯᠳᠡᠰ᠎ᠦᠨ ᠡᠷᠬᠢᠯᠡᠭᠴᠢ ᠴᠸᠨ ᠭᠦᠤᠸ ᠬᠤᠸᠠ ᠢᠯᠡᠳᠭᠡᠯ ᠬᠢᠪᠡ
ᠥᠪᠡᠷᠲᠡᠭᠡᠨ ᠵᠠᠰᠠᠬᠤ ᠣᠷᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ
ᠳᠡᠳ ᠳᠡᠷᠢᠬᠦᠯᠡᠭᠴᠢ ᠣᠮᠤᠭ ᠳ᠋ᠦᠩᠨᠡᠯᠳᠡ ᠬᠢᠵᠦ ᠶᠠᠷᠢᠶ᠎ᠠ ᠲᠠᠯᠪᠢᠪᠠ

  ᠬᠤᠷᠠᠯ᠎ᠳᠤ ᠣᠷᠤᠯᠴᠠᠭᠰᠠᠳ ᠢᠯᠡᠷᠬᠡᠢᠯᠡᠭᠰᠡᠨ᠎ᠨᠢ᠂ ᠶᠡᠷᠦᠩᠬᠡᠢ ᠱᠦᠵᠢ ᠰᠢ᠎ᠵᠢᠨ ᠫᠢᠩ᠎ᠤᠨ ᠶᠠᠷᠢᠶ᠎ᠠ᠎ᠨᠢ ᠡᠯ᠎ᠡ ᠠᠵᠤ ᠠᠬᠤᠢᠯᠠᠯ᠎ᠤᠨ ᠠᠵᠢᠯᠴᠢᠨ᠎ᠤ ᠡᠪᠯᠡᠯ᠎ᠤᠨ ᠳᠠᠷᠠᠭ᠎ᠠ ᠨᠢᠭᠡ ᠠᠯᠬᠤᠮ᠎ᠤᠨ ᠠᠵᠢᠯ᠎ᠳᠤ᠎ᠪᠠᠨ ᠵᠥᠪ ᠤᠨᠤᠪᠴᠢᠳᠠᠢ ᠤᠯᠤᠰ ᠳᠦᠷᠦ᠎ᠶᠢᠨ ᠴᠢᠭᠯᠡᠯ᠎ᠢ ᠪᠠᠲᠤ ᠪᠠᠷᠢᠮᠳᠠᠯᠠᠬᠤ᠂ ᠠᠵᠢᠯᠳᠠᠨ᠎ᠤ ᠦᠵᠡᠯ ᠰᠠᠨᠠᠭ᠎ᠠ᠎ᠶᠢ ᠵᠢᠯᠤᠭᠤᠳᠤᠨ ᠬᠦᠳᠦᠯᠬᠦ᠎ᠶᠢ ᠴᠢᠩᠭᠠᠳᠭᠠᠬᠤ ᠪᠠ ᠠᠵᠢᠯᠴᠢᠨ ᠠᠩᠭᠢ᠎ᠶᠢᠨ ᠭᠣᠤᠯ ᠴᠡᠷᠢᠭ᠎ᠦᠨ ᠦᠢᠯᠡᠳᠦᠯ᠎ᠢ ᠬᠦᠢᠴᠡᠳ ᠪᠠᠳᠠᠷᠠᠭᠤᠯᠵᠦ᠂ ᠠᠵᠢᠯᠳᠡᠨ ᠤᠯᠠᠨ᠎ᠤ ᠤᠯᠤᠯᠳᠠᠳᠤ ᠳᠦᠷᠦᠭᠳᠡᠯ᠂ ᠵᠣᠯ ᠵᠢᠷᠭᠠᠯᠳᠤ ᠳᠦᠷᠦᠭᠳᠡᠯ ᠪᠣᠯᠤᠨ ᠠᠮᠤᠷ ᠳᠦᠪᠱᠢᠨ ᠳᠦᠷᠦᠭᠳᠡᠯ ᠵᠡᠷᠭᠡ ᠲᠠᠯ᠎ᠠ᠎ᠪᠡᠷ ᠵᠦᠭ ᠴᠢᠭᠯᠡᠯ᠎ᠢ ᠵᠢᠭᠠᠵᠦ ᠥᠭᠴᠡᠢ᠃ 2020 ᠣᠨ᠎ᠳᠤ ᠡᠯ᠎ᠡ ᠠᠵᠤ ᠠᠬᠤᠢᠯᠠᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠦ᠂ ᠭᠣᠤᠯ ᠵᠤᠷᠢᠯᠳᠠ᠎ᠶᠢᠨ ᠳᠠᠨᠢᠯᠳᠠ᠎ᠶᠢ ᠢᠮᠠᠭᠳᠠ ᠴᠢᠩᠭ᠎ᠠ ᠪᠠᠷᠢᠮᠳᠠᠯᠠᠵᠦ᠂ ᠰᠤᠷᠤᠯᠴᠠᠯᠭ᠎ᠠ᠎ᠶᠢᠨ ᠦᠷ᠎ᠡ ᠪᠦᠳᠦᠬᠡᠯ᠎ᠢ ᠠᠵᠢᠯᠴᠢᠨ᠎ᠤ ᠡᠪᠯᠡᠯ᠎ᠦᠨ ᠠᠵᠢᠯ᠎ᠤᠨ ᠱᠢᠨᠡᠴᠢᠯᠡᠨ ᠬᠥᠭᠵᠢᠭᠦᠯᠬᠦ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠨ ᠤᠯᠠᠷᠢᠭᠤᠯᠵᠦ᠂ ᠪᠥᠬᠦ ᠪᠠᠢᠳᠠᠯ᠎ᠳᠤ ᠦᠢᠯᠡᠴᠢᠯᠡᠨ᠂ ᠬᠦᠭᠵᠢᠯᠳᠠ᠎ᠳᠤ ᠦᠢᠯᠡᠴᠢᠯᠡᠨ᠂ ᠦᠬᠡᠷᠡᠴᠢᠯᠡᠯᠳᠡ᠎ᠳᠤ ᠦᠢᠯᠡᠴᠢᠯᠡᠵᠦ᠂ ᠠᠵᠢᠯᠳᠠᠨ᠎ᠳᠤ ᠦᠢᠯᠡᠴᠢᠯᠡᠵᠦ᠂ ᠠᠵᠢᠯᠴᠢᠨ᠎ᠤ ᠡᠪᠯᠡᠯ᠎ᠦᠨ ᠠᠵᠢᠯ᠎ᠢ ᠤᠷᠤᠭᠱᠢ ᠠᠬᠢᠭᠤᠯᠤᠨ ᠱᠢᠨ᠎ᠡ ᠨᠢᠭᠡᠨ ᠳᠡᠭᠳᠡᠷ᠎ᠲᠦ ᠭᠠᠷᠭᠠᠨ᠎ᠠ ᠬᠡᠪᠡ᠃

 

      ᠣᠷᠴᠢᠭᠤᠯᠤᠨ ᠨᠠᠢᠷᠠᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604