ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ ᠬᠡᠪᠯᠡᠯ᠎ᠦᠨ ᠨᠡᠢᠯᠡᠯ ᠬᠦᠭᠵᠢᠯᠳᠠ᠎ᠶᠢᠨ ᠨᠠᠢᠷᠠᠭᠤᠯᠤᠭᠴᠢ᠎ᠶᠢᠨ ᠪᠣᠯᠪᠠᠰᠤᠷᠠᠯ ᠡᠷᠬᠢᠯᠡᠵᠦ᠂ 《ᠳᠠᠶᠠᠩ ᠣᠳᠤᠬᠢᠴᠢ ᠴᠠᠭᠠᠰᠤᠨ ᠨᠣᠮ》᠎ᠢ ᠨᠡᠩᠵᠢᠯ ᠲᠡᠭᠦᠯᠳᠡᠷᠵᠢᠭᠦᠯᠵᠦ ᠪᠤᠢ
2020.06.19

  ᠱᠢᠯᠵᠢᠮᠡᠯ ᠬᠣᠯᠪᠤᠭᠠᠨ᠎ᠤ ᠴᠠᠭ ᠦᠶ᠎ᠡ᠎ᠳᠤ ᠤᠯᠠᠮᠵᠢᠯᠠᠯᠳᠤ ᠬᠡᠪᠯᠡᠯ᠎ᠦᠨ ᠦᠢᠯᠡᠰ ᠬᠡᠷᠬᠢᠨ᠎ᠴᠤ ᠱᠢᠨ᠎ᠡ ᠬᠡᠯᠪᠡᠷᠢ᠎ᠲᠠᠢ ᠪᠤᠯᠵᠦ ᠬᠥᠭᠵᠢᠭᠦ ᠪᠤᠢ?6 ᠰᠠᠷ᠎ᠠ᠎ᠶᠢᠨ 16᠎ᠦ ᠦᠳᠡ᠎ᠶᠢᠨ ᠡᠮᠦᠨ᠎ᠡ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠡᠷᠬᠢᠯᠡᠭᠰᠡᠨ ᠬᠡᠪᠯᠡᠯ᠎ᠤᠨ ᠨᠡᠢᠯᠡᠯ ᠬᠦᠭᠵᠢᠯᠳᠠ᠎ᠶᠢᠨ ᠨᠠᠢᠷᠠᠭᠤᠯᠤᠭᠴᠢ᠎ᠶᠢᠨ ᠪᠣᠯᠪᠠᠰᠤᠷᠠᠯ᠎ᠤᠨ ᠬᠤᠷᠠᠯ ᠳᠡᠭᠡᠷ᠎ᠡ 《ᠳᠠᠶᠠᠩ ᠣᠳᠤᠬᠢᠴᠢ ᠴᠠᠭᠠᠰᠤᠨ ᠨᠣᠮ》᠎ᠨᠢ ᠱᠢᠨ᠎ᠡ ᠨᠢᠭᠡ ᠵᠦᠢᠯ᠎ᠦᠨ ᠪᠣᠯᠤᠮᠵᠢ ᠠᠪᠴᠢᠷᠠᠭᠰᠠᠨ ᠪᠠᠢᠨ᠎ᠠ᠃

  16᠎ᠦ ᠦᠳᠡ᠎ᠶᠢᠨ ᠡᠮᠦᠨ᠎ᠡ ᠥᠪᠦᠷ ᠮᠣᠩᠭᠤᠯ᠎ᠤᠨ ᠬᠡᠪᠯᠡᠯ᠎ᠤᠨ ᠪᠦᠯᠦᠭᠯᠡᠯ 《ᠳᠠᠶᠠᠩ ᠣᠳᠤᠬᠢᠴᠢ ᠴᠠᠭᠠᠰᠤᠨ ᠨᠣᠮ》᠎ᠤᠨ ᠳᠤᠰᠭᠠᠢ ᠰᠡᠳᠦᠪᠳᠤ ᠪᠣᠯᠪᠠᠰᠤᠷᠠᠯ ᠡᠷᠬᠢᠯᠡᠵᠦ᠂ ᠱᠦ᠍ ᠴᠤᠸᠠᠨ ᠪᠦᠯᠦᠭᠯᠡᠯ᠎ᠦᠨ᠎ᠨᠡᠷ᠎ᠡ ᠳᠡᠮᠳᠡᠭ᠎ᠤᠨ ᠬᠡᠯᠳᠡᠰ᠎ᠦᠨ ᠶᠡᠷᠦᠩᠬᠡᠢ ᠪᠠᠢᠴᠠᠭᠠᠭᠴᠢ ᠵᠦ᠍ ᠶᠠᠨ ᠵᠢᠩ᠂ ᠯᠸᠺᠲ᠋ᠤᠷ ᠶᠠᠩ ᠪᠢᠩ᠎ᠢ ᠤᠷᠢᠵᠦ ᠳᠠᠢᠯᠤᠮᠵᠢ ᠬᠢᠯᠭᠡᠪᠡ᠃

  ᠡᠨᠡ ᠤᠳᠠᠭᠠᠨ᠎ᠤ ᠪᠣᠯᠪᠠᠰᠤᠷᠠᠯ᠎ᠤᠨ ᠬᠤᠷᠠᠯ ᠳᠡᠭᠡᠷ᠎ᠡ ᠤᠩᠱᠢᠭᠴᠢ᠎ᠳᠤ ᠦᠢᠯᠡᠴᠢᠯᠡᠬᠦ ᠱᠢᠰᠲᠧᠮ᠎ᠤᠨ ᠳᠠᠢᠯᠤᠯ᠂ ᠨᠡᠢᠳᠡᠯᠢᠭ ᠬᠡᠷᠡᠭ᠎ᠦᠨ ᠵᠢᠱ᠌ᠢᠶ᠎ᠡ᠎ᠶᠢᠨ ᠵᠠᠳᠠᠯᠤᠯ᠂ ᠫᠷᠤᠵᠸᠺᠲ᠎ᠤᠨ ᠠᠯᠬᠤᠮ ᠳᠠᠷᠠᠭ᠎ᠠ᠎ᠶᠢᠨ ᠦᠵᠡᠭᠦᠯᠭᠡ᠂ ᠪᠦᠳᠦᠬᠡᠯᠴᠢ ᠴᠢᠳᠠᠪᠤᠷᠢ᠎ᠶᠢᠨ ᠤᠷᠤᠯᠳᠤᠭᠠᠨ᠎ᠤ ᠳᠠᠨᠢᠯᠴᠠᠭᠤᠯᠭ᠎ᠠ᠂ 《ᠣᠳᠤᠬᠢᠴᠢ ᠴᠠᠭᠠᠰᠤᠨ ᠨᠣᠮ》᠎ᠤᠨ ᠫᠷᠤᠵᠸᠺᠲ᠎ᠤᠨ ᠠᠯᠬᠤᠮ ᠳᠠᠷᠠᠭᠠᠯᠠᠯ ᠵᠡᠷᠭᠡ ᠵᠢᠷᠭᠤᠭᠠᠨ ᠲᠠᠯ᠎ᠠ᠎ᠡᠴᠡ ᠭᠠᠷᠳᠠᠵᠦ᠂ ᠪᠤᠳᠠᠳᠠᠢ ᠬᠡᠷᠡᠭ᠎ᠦᠨ ᠵᠢᠱ᠌ᠢᠶ᠎ᠡ᠎ᠪᠡᠷ ᠳᠠᠮᠵᠢᠭᠤᠯᠤᠨ ᠨᠠᠢᠷᠠᠭᠤᠯᠤᠭᠴᠢᠳ᠎ᠤᠨ ᠣᠢᠯᠠᠭᠠᠭᠳᠠᠬᠤᠨ᠎ᠢ ᠬᠤᠪᠢᠷᠠᠭᠤᠯᠵᠦ᠂ ᠰᠡᠳᠭᠢᠬᠦᠢ᠎ᠶᠢ ᠥᠷᠭᠡᠳᠭᠡᠨ᠂ 《ᠣᠳᠤᠬᠢᠴᠢ ᠴᠠᠭᠠᠰᠤᠨ ᠨᠣᠮ》᠎ᠢ ᠬᠡᠷᠬᠢᠨ ᠦᠢᠯᠡᠳᠬᠦ ᠪᠠ ᠡᠵᠡᠩᠨᠡᠬᠦ ᠳᠤᠬᠠᠢ ᠮᠡᠳᠡᠯᠭᠡ᠎ᠶᠢ ᠳᠦᠷᠬᠡᠨ ᠡᠵᠡᠮᠱᠢᠭᠦᠯᠵᠦ᠂ ᠵᠣᠬᠢᠶᠠᠯ᠎ᠤᠨ ᠠᠭᠤᠯᠭ᠎ᠠ᠎ᠶᠢ ᠴᠢᠨᠠᠭᠱᠢᠳᠠ ᠨᠡᠭᠡᠭᠡᠨ ᠠᠱᠢᠭᠯᠠᠬᠤ ᠪᠠ ᠤᠩᠱᠢᠭᠴᠢᠳ᠎ᠤᠨ ᠥᠷᠳᠡᠭ᠎ᠢ ᠳᠠᠬᠢᠨ ᠴᠣᠭᠴᠠᠯᠠᠬᠤ᠎ᠪᠡᠷ ᠵᠣᠷᠢᠯᠭ᠎ᠠ ᠪᠣᠯᠭᠠᠪᠠ᠃ 

  ᠪᠣᠯᠪᠠᠰᠤᠷᠠᠯ᠎ᠤᠨ ᠶᠠᠪᠤᠴᠠ᠎ᠳᠤ ᠯᠸᠺᠲ᠋ᠤᠷ᠎ᠡᠴᠡ ᠨᠠᠢᠷᠠᠭᠤᠯᠤᠭᠴᠢᠳ᠎ᠤᠨ ᠳᠤᠷᠠᠳᠤᠭᠰᠠᠨ ᠠᠰᠠᠭᠤᠯᠳᠠ᠎ᠶᠢ ᠨᠢᠭᠡᠳ ᠨᠢᠭᠡ᠎ᠪᠡᠷ ᠨᠢᠮᠪᠠᠢ ᠬᠠᠷᠢᠭᠤᠯᠪᠡ᠃

   《ᠳᠠᠶᠠᠩ ᠣᠳᠤᠬᠢᠴᠢ ᠴᠠᠭᠠᠰᠤᠨ ᠨᠣᠮ》 ᠪᠣᠯ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠣᠳᠤ ᠦᠶ᠎ᠡ᠎ᠶᠢᠨ ᠳᠠᠮᠵᠢᠭᠤᠯᠬᠤ ᠱᠢᠰᠲᠧᠮ ᠪᠣᠯᠤᠨ ᠬᠡᠪᠯᠡᠯ᠎ᠦᠨ ᠨᠡᠢᠯᠡᠯ ᠬᠦᠭᠵᠢᠯᠳᠠ᠎ᠳᠤ ᠰᠠᠭᠤᠷᠢᠯᠠᠨ ᠶᠠᠪᠤᠭᠳᠠᠭᠤᠯᠵᠦ ᠪᠠᠢᠭ᠎ᠠ ᠭᠣᠤᠯᠳᠠᠯᠭ᠎ᠠ᠎ᠲᠠᠢ ᠠᠵᠢᠯ᠎ᠤᠨ ᠨᠢᠭᠡ ᠮᠦᠨ᠃ ᠳᠤᠰ ᠫᠷᠤᠵᠸᠺᠲ᠎ᠨᠢ ᠤᠯᠠᠮᠵᠢᠯᠠᠯᠳᠤ ᠬᠡᠪᠯᠡᠯ᠎ᠦᠨ ᠠᠯᠬᠤᠮ ᠳᠠᠷᠠᠭᠠᠯᠠᠯ᠎ᠳᠤ ᠱᠢᠪᠳᠤᠯᠤᠯᠳᠠ ᠬᠢᠵᠦ᠂ ᠬᠡᠪᠯᠡᠯ᠎ᠦᠨ ᠨᠢᠭᠡᠴᠢ ᠬᠢᠭᠡᠳ ᠨᠠᠢᠷᠠᠭᠤᠯᠤᠭᠴᠢ᠂ ᠳᠤᠭᠠᠵᠢᠯᠳᠠ᠎ᠶᠢᠨ ᠲᠥᠪ᠎ᠦᠨ ᠠᠵᠢᠯᠯᠠᠭᠴᠢ᠎ᠶᠢ ᠨᠢᠭᠳᠠ ᠬᠤᠯᠪᠤᠵᠦ᠂ ᠳᠤᠰᠭᠠᠢ ᠳᠡᠪᠴᠡᠩ ᠳᠡᠭᠡᠷ᠎ᠡ ᠠᠭᠤᠯᠭ᠎ᠠ ᠵᠣᠬᠢᠶᠠᠬᠤ ᠪᠠ ᠬᠢᠨᠠᠬᠤ ᠠᠵᠢᠯ᠎ᠳᠤ ᠤᠯᠠᠨ ᠲᠠᠯ᠎ᠠ᠎ᠶᠢᠨ ᠬᠢᠨ᠎ᠢ ᠬᠠᠮᠳᠤ᠎ᠪᠡᠷ ᠤᠷᠤᠯᠴᠠᠭᠤᠯᠵᠦ᠂ ᠲᠤᠰ ᠲᠤᠰ᠎ᠤᠨ ᠬᠢᠨᠢ ᠳᠠᠪᠠᠭᠤᠯᠢᠭ᠎ᠢ ᠪᠠᠳᠠᠷᠠᠭᠤᠯᠤᠨ᠂ ᠰᠦᠯᠵᠢᠶᠡᠨ ᠳᠡᠭᠡᠷᠡᠬᠢ ᠳᠤᠭᠠᠵᠢᠭᠰᠠᠨ ᠠᠭᠤᠯᠭ᠎ᠠ ᠬᠢᠭᠡᠳ ᠡᠬᠢ ᠪᠠᠶᠠᠯᠢᠭ᠎ᠤᠨ ᠨᠡᠭᠡᠭᠡᠨ ᠠᠱᠢᠭᠯᠠᠯᠳᠠ ᠪᠠ ᠡᠵᠡᠩᠨᠡᠯᠳᠡ᠎ᠶᠢ ᠬᠠᠮᠳᠤ᠎ᠳᠤ᠎ᠪᠠᠨ ᠠᠬᠢᠭᠤᠯᠤᠨ᠎ᠠ᠃ ᠵᠣᠬᠢᠶᠠᠭᠴᠢ ᠬᠢᠭᠡᠳ ᠨᠠᠢᠷᠠᠭᠤᠯᠤᠭᠴᠢ ᠠᠭᠤᠯᠭ᠎ᠠ᠎ᠶᠢᠨ ᠦᠢᠯᠡᠳᠪᠦᠷᠢᠯᠡᠯ᠎ᠳᠤ ᠠᠩᠬᠠᠷᠤᠯ᠎ᠢᠶᠠᠨ ᠳᠠᠯᠪᠢᠵᠦ᠂ ᠳᠤᠭᠠᠵᠢᠯᠳᠠ᠎ᠶᠢᠨ ᠲᠥᠪ᠎ᠦᠨ ᠠᠵᠢᠯᠯᠠᠭᠴᠢ ᠰᠦᠯᠵᠢᠶᠡᠨ᠎ᠳᠤ ᠭᠠᠷᠭᠠᠬᠤ ᠪᠠ ᠡᠵᠡᠩᠨᠡᠯᠳᠡ ᠬᠠᠮᠢᠶᠠᠷᠤᠯᠳᠠ᠎ᠶᠢᠨ ᠠᠵᠢᠯ᠎ᠢ ᠬᠠᠷᠢᠭᠤᠴᠠᠨ᠎ᠠ᠃

  ᠪᠦᠯᠦᠭᠯᠡᠯ᠎ᠦᠨ ᠬᠠᠷᠢᠶᠠᠲᠤ ᠡᠯ᠎ᠡ ᠬᠡᠪᠯᠡᠯ᠎ᠤᠨ ᠬᠣᠷᠢᠶ᠎ᠠ᠂ ᠥᠪᠦᠷ ᠮᠣᠩᠭᠤᠯ᠎ᠤᠨ ᠱᠢᠨᠬᠤᠸᠠ ᠰᠣᠨᠢᠨ᠎ᠤ ᠦᠢᠯᠡᠰ᠎ᠦᠨ ᠲᠥᠪ ᠵᠡᠷᠭᠡ ᠬᠡᠪᠯᠡᠯ᠎ᠦᠨ ᠨᠢᠭᠡᠴᠢ᠎ᠶᠢᠨ ᠨᠠᠢᠷᠠᠭᠤᠯᠤᠭᠴᠢ᠂ ᠶᠡᠷᠦᠩᠬᠡᠢ ᠨᠠᠢᠷᠠᠭᠤᠯᠤᠭᠴᠢ᠎ᠶ᠋ᠢᠨᠲᠠᠰᠤᠭ᠎ᠤᠨ ᠺᠠᠳ᠋ᠷ ᠠᠵᠢᠯᠳᠠᠨ ᠨᠡᠢᠲᠡ 80 ᠭᠠᠷᠤᠢ ᠬᠥᠮᠦᠨ ᠪᠣᠯᠪᠠᠰᠤᠷᠠᠯ᠎ᠳᠤ ᠣᠷᠤᠯᠴᠠᠪᠠ᠃

 

 

       ᠣᠷᠴᠢᠭᠤᠯᠤᠭᠴᠢ᠄ ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604