ᠡᠭᠡᠯ ᠪᠣᠷᠤᠭᠵᠢᠭᠤᠨ ᠢᠯᠡᠳᠭᠡᠮᠵᠢ᠎ᠲᠠᠢ ᠣᠢᠯᠠᠭᠠᠮᠵᠢᠲᠠᠢ ᠰᠠᠢᠬᠠᠨ ᠤᠩᠱᠢᠬᠤ ᠪᠢᠴᠢᠭ —— 《ᠳᠤᠮᠳᠠᠳᠤ ᠤᠯᠤᠰ᠎ᠤᠨ ᠪᠠᠢᠭᠤᠯᠤᠯ᠎ᠳᠤ ᠱᠢᠭᠤᠳ ᠬᠠᠨᠳᠤᠬᠤᠢ》 ᠬᠡᠪᠯᠡᠭᠳᠡᠨ ᠲᠠᠷᠬᠠᠭᠠᠭᠳᠠᠯ᠎ᠠ
2020.07.21

  ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠲᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠳᠤᠯᠤᠨ ᠤᠬᠠᠭᠤᠯᠵᠤ ᠲᠤᠭᠤᠱᠢᠯᠠᠭᠤᠯᠤᠨ᠂ ᠬᠥᠮᠦᠰ᠎ᠲᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠦᠨ ᠪᠠᠢᠭᠤᠯᠤᠯ᠎ᠢ ᠪᠠᠷᠢᠮᠳᠠᠯᠠᠨ ᠲᠡᠭᠦᠯᠳᠡᠷᠵᠢᠭᠦᠯᠬᠦ᠎ᠶᠢ ᠨᠡᠩ ᠰᠠᠢᠨ ᠣᠢᠯᠠᠭᠠᠭᠤᠯᠵᠤ᠂ ᠤᠯᠤᠰ᠎ᠤᠨ ᠵᠠᠰᠠᠯᠲᠠ᠎ᠶᠢᠨ ᠱᠢᠰᠲᠧᠮ ᠪᠣᠯᠤᠨ ᠵᠠᠰᠠᠯᠲᠠ᠎ᠶᠢᠨ ᠴᠢᠳᠠᠪᠦᠷᠢ᠎ᠶᠢᠨ ᠣᠳᠤᠬᠢᠴᠢᠯᠠᠯᠲᠠ᠎ᠶᠢᠨ ᠡᠯ᠎ᠡ ᠲᠥᠷᠦᠯ᠎ᠦᠨ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ᠎ᠶᠢ ᠠᠬᠢᠭᠤᠯᠬᠤ᠎ᠶᠢᠨ ᠲᠤᠰᠠᠲᠠ᠂ ᠲᠥᠪ᠎ᠦᠨ ᠤᠬᠠᠭᠤᠯᠬᠤ ᠬᠡᠯᠲᠡᠰ᠎ᠦᠨ ᠣᠨᠤᠯ᠎ᠤᠨ ᠲᠣᠪᠴᠢᠶ᠎ᠠ᠎ᠠᠴᠠ 《ᠳᠤᠮᠳᠠᠳᠤ ᠤᠯᠤᠰ᠎ᠤᠨ ᠪᠠᠢᠭᠤᠯᠤᠯ᠎ᠳᠤ ᠱᠢᠭᠤᠳ ᠬᠠᠨᠳᠤᠬᠤᠢ》 ᠭᠡᠬᠦ 2020 ᠣᠨ᠎ᠤ ᠲᠣᠪᠴᠢ ᠣᠢᠯᠠᠭᠠᠮᠵᠢᠲᠠᠢ ᠤᠩᠱᠢᠬᠤ ᠨᠣᠮ᠎ᠢ ᠵᠣᠬᠢᠶᠠᠨ ᠪᠠᠢᠭᠤᠯᠤᠨ ᠨᠠᠢᠷᠠᠭᠤᠯᠵᠤ ᠪᠢᠴᠢᠵᠡᠢ᠃ ᠣᠳᠤᠬᠠᠨ᠎ᠳᠤ ᠲᠤᠰ ᠨᠣᠮ᠎ᠢ ᠰᠤᠷᠤᠯᠴᠠᠯᠭ᠎ᠠ ᠬᠡᠪᠯᠡᠯ᠎ᠦᠨ ᠬᠣᠷᠢᠶ᠎ᠠ᠂ ᠠᠷᠠᠳ᠎ᠤᠨ ᠬᠡᠪᠯᠡᠯ᠎ᠤᠨ ᠬᠣᠷᠢᠶᠠᠨ᠎ᠠᠴᠠ ᠬᠠᠮᠲᠤᠷᠠᠨ ᠬᠡᠪᠯᠡᠪᠡ᠃

  ᠲᠤᠰ ᠨᠣᠮ᠎ᠨᠢ 《ᠣᠨᠤᠯ᠎ᠤᠨ ᠬᠠᠯᠠᠮᠱᠢᠯ ᠠᠰᠠᠭᠤᠳᠠᠯ᠎ᠳᠤ ᠱᠢᠭᠤᠳ ᠬᠠᠨᠳᠤᠬᠤᠢ》 ᠭᠡᠬᠦ ᠱᠢᠷᠢᠰ ᠨᠣᠮ᠎ᠤᠨ ᠱᠢᠨ᠎ᠡ ᠤᠩᠱᠢᠬᠤ ᠪᠢᠴᠢᠭ ᠪᠠᠢᠵᠤ᠂ ᠲᠡᠭᠦᠨ᠎ᠤ ᠢᠮᠠᠭᠲᠠ᠎ᠶᠢᠨ ᠣᠨᠴᠠᠯᠢᠭ ᠪᠣᠯᠤᠨ ᠬᠡᠪ ᠨᠠᠮᠪᠠ᠎ᠶᠢ ᠬᠠᠳᠠᠭᠠᠯᠠᠵᠤ᠂ ᠺᠠᠳ᠋ᠷ ᠤᠯᠠᠨ ᠲᠦᠮᠡᠨ᠎ᠤ ᠨᠡᠢᠳᠡᠮ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠳᠤ ᠲᠥᠪᠯᠡᠷᠡᠩᠭᠦᠢ ᠬᠠᠷᠢᠭᠤᠯᠲᠠ ᠥᠭᠬᠦ ᠪᠣᠯᠤᠨ᠎ᠠ᠃ ᠰᠤᠷᠪᠤᠯᠵᠢᠯᠠᠭᠴᠢ᠎ᠶᠢᠨ ᠣᠢᠯᠠᠭᠠᠭᠰᠠᠨ᠎ᠢᠶᠠᠷ᠂ ᠨᠢᠳᠦᠨᠦᠨ᠎ᠤ 11 ᠰᠠᠷ᠎ᠠ᠎ᠠᠴᠠ ᠡᠬᠢᠯᠡᠨ᠂ ᠲᠥᠪ᠎ᠦᠨ ᠤᠬᠠᠭᠤᠯᠬᠤ ᠬᠡᠯᠲᠡᠰ ᠬᠦᠴᠦᠨ᠎ᠢᠶᠡᠨ ᠵᠣᠬᠢᠶᠠᠨ ᠪᠠᠢᠭᠤᠯᠤᠨ ᠭᠦᠨᠵᠡᠭᠡᠢ ᠪᠠᠢᠴᠠᠭᠠᠨ ᠰᠤᠳᠤᠯᠤᠯᠲᠠ ᠥᠷᠨᠢᠭᠦᠯᠵᠦ᠂ ᠳᠤᠮᠳᠠᠲᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠦᠨ ᠪᠠᠢᠭᠤᠯᠤᠯ ᠶᠠᠭᠠᠬᠢᠵᠤ ᠢᠷᠡᠭᠰᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠦᠨ ᠪᠠᠢᠭᠤᠯᠤᠯ ᠶᠠᠭᠠᠬᠢᠭᠠᠳ ᠰᠠᠢᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠤᠨ ᠪᠠᠢᠭᠤᠯᠤᠯ ᠶᠠᠭᠠᠬᠢᠵᠤ ᠠᠯᠤᠰ᠎ᠢ ᠵᠣᠷᠢᠨ ᠯᠠᠪᠳᠠᠭᠤᠨ ᠪᠠᠲᠤᠲᠠᠢ ᠤᠷᠤᠭᠱᠢᠯᠠᠬᠤ ᠵᠡᠷᠭᠡ 16 ᠴᠢᠬᠤᠯᠠ ᠶᠡᠬᠡ ᠠᠰᠠᠭᠤᠳᠠᠯ᠎ᠢ ᠡᠮᠬᠢᠯᠡᠨ ᠭᠠᠷᠭᠠᠵᠠᠢ᠃ ᠲᠥᠪ᠎ᠦᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠨᠥᠬᠥᠳ ᠪᠣᠯᠤᠨ ᠲᠤᠰᠭᠠᠢ ᠮᠡᠷᠭᠡᠵᠢᠯᠲᠡᠳ ᠡᠳᠡᠭᠡᠷ ᠠᠰᠠᠭᠤᠳᠠᠯ᠎ᠤᠨ ᠲᠣᠭᠤᠷᠢᠨ᠎ᠳᠤ ᠭᠦᠨᠵᠡᠭᠡᠢ ᠰᠤᠳᠤᠯᠭᠠᠨ ᠶᠠᠷᠢᠯᠴᠠᠭ᠎ᠠ ᠬᠢᠵᠤ᠂ ᠲᠥᠪᠯᠡᠷᠡᠩᠭᠦᠢ᠎ᠪᠠᠷ ᠲᠤᠭᠤᠷᠪᠢᠨ ᠪᠢᠴᠢᠵᠤ ᠵᠠᠰᠠᠪᠦᠷᠢ ᠣᠷᠤᠭᠤᠯᠵᠤ᠂ ᠥᠷᠭᠡᠨ ᠳᠡᠯᠭᠡᠷᠡᠩᠭᠦᠢ᠎ᠪᠠᠷ ᠰᠠᠨᠠᠯ ᠬᠤᠷᠢᠶᠠᠵᠤ᠂ ᠡᠯ᠎ᠡ ᠲᠠᠯ᠎ᠠ᠎ᠶᠢᠨ ᠤᠢ ᠤᠬᠠᠭᠠᠨ᠎ᠢ ᠨᠢᠭᠲᠠᠷᠠᠭᠤᠯᠤᠭᠰᠠᠨ᠎ᠤ ᠰᠠᠭᠤᠷᠢᠨ ᠳᠡᠭᠡᠷ᠎ᠡ ᠡᠬᠡ ᠪᠢᠴᠢᠭ ᠪᠣᠯᠭᠠᠨ ᠪᠢᠴᠢᠵᠤ ᠭᠠᠷᠭᠠᠵᠠᠢ᠃

  ᠣᠢᠯᠠᠭᠠᠭᠰᠠᠨ᠎ᠢᠶᠠᠷ᠂ ᠱᠢᠨ᠎ᠡ ᠵᠠᠭᠤᠴᠢᠯᠠᠭᠤᠷ ᠰᠦᠯᠵᠢᠶ᠎ᠡ᠎ᠶᠢᠨ ᠳᠠᠮᠵᠢᠭᠤᠯᠭ᠎ᠠ᠎ᠶᠢᠨ ᠬᠡᠯᠪᠡᠷᠢ ᠪᠣᠯᠤᠨ ᠤᠩᠱᠢᠭᠴᠢᠳ᠎ᠤᠨ ᠤᠩᠱᠢᠯᠭ᠎ᠠ᠎ᠶᠢᠨ ᠳᠠᠳᠭᠠᠯ᠎ᠳᠤ ᠵᠣᠬᠢᠴᠠᠭᠤᠯᠬᠤ᠎ᠶᠢᠨ ᠲᠤᠰᠠᠲᠠ᠂ ᠴᠠᠭᠠᠰᠤᠨ ᠨᠣᠮ ᠬᠡᠪᠯᠡᠭᠰᠡᠨ᠎ᠤ ᠬᠠᠮᠲᠤ᠂ ᠨᠠᠢᠷᠠᠭᠤᠯᠤᠭᠴᠢ᠎ᠠᠴᠠ ᠪᠠᠰᠠ ᠢᠵᠢ ᠪᠦᠷᠢᠳᠦᠭᠦᠯᠦᠭᠰᠡᠨ ᠳᠠᠭᠤᠲᠤ ᠨᠣᠮ᠎ᠢ ᠦᠢᠯᠡᠳᠴᠦ᠂ 16 ᠪᠦᠯᠦᠭᠲᠦ ᠸᠢᠳᠢᠣ᠋ ᠦᠢᠯᠡᠳᠴᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠦᠨ ᠪᠠᠢᠭᠤᠯᠤᠯ᠎ᠤᠨ ᠡᠯᠪᠡᠭ ᠪᠠᠶᠠᠯᠢᠭ ᠠᠭᠤᠯᠭ᠎ᠠ ᠪᠣᠯᠤᠨ ᠢᠯᠡ ᠮᠡᠳᠡᠭᠳᠡᠮ᠎ᠡ ᠳᠠᠪᠠᠭᠤᠯᠢᠭ ᠲᠠᠯ᠎ᠠ᠎ᠶᠢ ᠠᠮᠢᠳᠤᠯᠢᠭ᠎ᠢᠶᠠᠷ ᠦᠵᠡᠭᠦᠯᠵᠡᠢ᠃

                    ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠳᠡᠯᠡᠪᠡ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604