ᠦᠪᠤᠷ ᠮᠤᠩᠭᠤᠯ᠎ᠤᠨ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢ ᠬᠠᠮᠠᠭᠠᠯᠠᠨ ᠲᠤᠰᠠᠯᠠᠬᠤ ᠲᠠᠪᠴᠠᠩ ᠠᠱᠢᠭᠯᠠᠯᠳᠡ᠎ᠳᠤ ᠤᠷᠤᠵᠠᠢ
2020.07.24

  ᠤᠢᠷ᠎ᠠ᠎ᠳᠤ᠂ ᠦᠪᠤᠷ ᠮᠤᠩᠭᠤᠯ᠎ᠤᠨ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢ ᠬᠠᠮᠠᠭᠠᠯᠠᠨ ᠲᠤᠰᠠᠯᠠᠬᠤ ᠲᠠᠪᠴᠠᠩ ᠠᠱᠢᠭᠯᠠᠯᠳᠡ᠎ᠳᠤ ᠤᠷᠤᠵᠤ᠂ ᠠᠵᠤ ᠠᠬᠤᠢᠯᠡᠯ ᠬᠢᠬᠡᠳ ᠬᠤᠪᠢ ᠬᠦᠮᠦᠨ᠎ᠤ ᠮᠡᠳᠡᠯᠭᠡ᠎ᠶᠢᠨ ᠦᠮᠴᠢᠯᠡᠯ᠎ᠤᠨ ᠡᠷᠭᠡ᠎ᠪᠠᠨ ᠬᠠᠮᠠᠭᠠᠯᠠᠬᠤ᠎ᠳᠤ ᠲᠦᠬᠦᠮ ᠲᠦᠳᠡ᠂ ᠦᠨᠳᠤᠷ ᠦᠷ᠎ᠠ ᠪᠦᠳᠦᠮᠵᠢᠳᠡᠢ ᠨᠢᠭᠡ ᠦᠷᠳᠡᠭᠡᠴᠢᠯᠡᠬᠦ ᠮᠠᠶᠢᠭ᠎ᠤᠨ ᠤᠢᠯᠡᠴᠢᠯᠡᠬᠦ ᠲᠠᠪᠴᠠᠩ ᠬᠠᠩᠭᠠᠵᠠᠢ᠃

  ᠮᠠᠨ᠎ᠤ ᠤᠷᠤᠨ᠎ᠤ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠡᠷᠭᠡᠳᠤ ᠬᠦᠮᠦᠨ᠎ᠤ ᠡᠷᠭᠡ᠎ᠪᠠᠨ ᠬᠠᠮᠠᠭᠠᠯᠠᠬᠤ᠎ᠳᠤ ᠬᠡᠷᠡᠴᠢ ᠪᠦᠷᠢᠳᠦᠬᠦᠯᠬᠦ᠎ᠳᠤ ᠬᠦᠴᠢᠷ᠂ ᠴᠠᠭ ᠬᠤᠭᠤᠴᠠᠭ᠎ᠠ ᠤᠷᠳᠤ᠂ ᠦᠪᠡᠷ᠎ᠤᠨ ᠦᠷᠳᠡᠭ ᠦᠨᠳᠤᠷ᠂ ᠲᠦᠯᠦᠪᠤᠷᠢ ᠲᠤᠤᠷ᠎ᠠ ᠪᠠᠢᠬᠤ ᠵᠡᠷᠭᠡ ᠬᠦᠴᠢᠷᠳᠡᠯ᠎ᠢ ᠪᠦᠳᠦᠮᠵᠢᠳᠡᠢ ᠱᠢᠳᠪᠤᠷᠢᠯᠡᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠳᠤ ᠬᠠᠯᠳᠠᠬᠤ ᠶᠠᠪᠤᠳᠠᠯ ᠠᠮᠠᠷᠬᠠᠨ ᠡᠬᠦᠰᠴᠤ ᠤᠯᠠᠨ ᠡᠬᠦᠰᠬᠦ ᠦᠵᠡᠭᠳᠡᠯ᠎ᠢ ᠬᠤᠷᠢᠭᠯᠠᠬᠤ᠎ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠡᠯᠳᠡ ᠬᠠᠮᠢᠶᠠᠷᠤᠯᠳᠡ᠎ᠶᠢᠨ ᠲᠤᠪᠴᠢᠶ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢᠨ ᠲᠤᠪᠴᠢᠶ᠎ᠠ᠎ᠠᠴᠠ ᠡᠨᠡ᠎ᠬᠦ ᠲᠠᠪᠴᠠᠩ᠎ᠢ ᠪᠠᠢᠭᠤᠯᠵᠠᠢ᠃

  ᠤᠢᠯᠠᠭᠠᠭᠰᠠᠨ᠎ᠢᠶᠠᠷ᠂ ᠲᠤᠰ ᠲᠠᠪᠴᠠᠩ᠎ᠨᠢ ᠠᠵᠤ ᠠᠬᠤᠢᠯᠡᠯ᠂ ᠠᠷᠠᠳ ᠢᠷᠭᠡᠳ ᠪᠤᠯᠤᠨ ᠨᠡᠢᠭᠡᠮ᠎ᠤᠨ ᠵᠤᠬᠢᠶᠠᠨ ᠪᠠᠢᠭᠤᠯᠤᠯᠳᠡ᠎ᠶᠢᠨ ᠡᠯ᠎ᠠ ᠵᠦᠢᠯ᠎ᠤᠨ ᠤᠢᠯᠡᠴᠢᠯᠡᠬᠡ᠎ᠳᠤ ᠱᠢᠭᠤᠳ ᠬᠠᠨᠳᠤᠵᠤ᠂ ᠮᠡᠳᠡᠯᠭᠡ᠎ᠶᠢᠨ ᠦᠮᠴᠢᠯᠡᠯ᠎ᠤᠨ ᠡᠷᠭᠡ᠎ᠳᠤ ᠬᠠᠯᠳᠠᠭᠰᠠᠨ ᠡᠯ᠎ᠠ ᠲᠦᠷᠦᠯ᠎ᠤᠨ ᠠᠵᠢᠯᠯᠠᠭ᠎ᠠ᠎ᠶᠢ ᠢᠯᠡᠴᠢᠯᠡᠨ ᠵᠠᠭᠠᠯᠳᠤᠵᠤ᠂ ᠡᠷᠭᠡ ᠠᠱᠢᠭ᠎ᠢᠶᠠᠨ ᠬᠠᠮᠠᠭᠠᠯᠠᠬᠤ ᠲᠤᠰᠠᠯᠠᠮᠵᠢ ᠭᠤᠶᠤᠴᠢᠯᠠᠬᠤ᠎ᠶᠢᠨ ᠬᠠᠮᠳᠤ ᠰᠦᠯᠵᠢᠶᠡᠨ ᠲᠡᠭᠡᠷ᠎ᠠ ᠠᠰᠠᠭᠤᠨ ᠯᠠᠪᠯᠠᠵᠤ ᠪᠤᠯᠤᠨ᠎ᠠ᠃ ᠲᠤᠰ ᠲᠠᠪᠴᠠᠩ᠎ᠤᠨ ᠠᠱᠢᠭᠯᠠᠯᠳᠡ᠎ᠳᠤ ᠤᠷᠤᠭᠰᠠᠨ᠎ᠨᠢ ᠮᠡᠳᠡᠯᠭᠡ᠎ᠶᠢᠨ ᠦᠮᠴᠢᠯᠡᠯ᠎ᠤᠨ ᠡᠷᠭᠡ᠎ᠶᠢ ᠬᠠᠮᠠᠭᠠᠯᠠᠬᠤ ᠠᠵᠢᠯ᠎ᠤᠨ ᠶᠠᠪᠤᠴᠡ᠎ᠶᠢ ᠨᠡᠩ ᠵᠢᠷᠤᠮᠵᠢᠭᠤᠯᠤᠨ ᠪᠠᠷᠢᠮᠵᠢᠶᠠᠵᠢᠭᠤᠯᠬᠤ ᠪᠦᠭᠡᠳ ᠮᠡᠳᠡᠯᠭᠡ᠎ᠶᠢᠨ ᠦᠮᠴᠢᠯᠡᠯ᠎ᠤᠨ ᠡᠷᠭᠡ᠎ᠪᠠᠨ ᠬᠠᠮᠠᠭᠠᠯᠠᠬᠤ ᠦᠵᠡᠯ ᠤᠬᠠᠮᠰᠠᠷ᠎ᠢ ᠲᠡᠭᠡᠭᠱᠢᠯᠡᠬᠦᠯᠵᠤ᠂ ᠡᠷᠭᠡ᠎ᠪᠠᠨ ᠬᠠᠮᠠᠭᠠᠯᠠᠬᠤ᠎ᠳᠤ ᠲᠤᠰᠠᠯᠠᠮᠵᠢ ᠦᠵᠡᠬᠦᠯᠬᠦ ᠠᠵᠢᠯ᠎ᠤᠨ ᠦᠷ᠎ᠠ ᠪᠦᠳᠦᠮᠵᠢ᠎ᠶᠢ ᠲᠡᠭᠡᠭᠱᠢᠯᠡᠬᠦᠯᠬᠦ᠎ᠳᠤ ᠴᠢᠬᠤᠯᠠ ᠠᠴᠢ ᠬᠤᠯᠪᠤᠭᠳᠠᠯ᠎ᠲᠠᠢ᠎ᠶᠤᠮ᠃

 

      ᠳᠤᠮᠳᠠᠳᠤ ᠤᠯᠤᠰ᠎ᠤᠨ ᠮᠣᠩᠭᠤᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ᠎ᠡᠴᠡ ᠱᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604