ᠭᠤᠸᠠᠩᠳᠦ᠋ᠩ ᠮᠤᠵᠢ᠎ᠶᠢᠨ ᠬᠡᠪᠯᠡᠯ᠎ᠦᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠲᠠᠨ ᠵᠢᠶᠦ᠋ᠨ ᠲᠢᠶᠧ᠎ᠨᠠᠷ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠳᠤ ᠢᠷᠡᠵᠦ ᠪᠠᠢᠴᠠᠭᠠᠨ ᠰᠤᠳᠤᠯᠤᠯᠳᠠ ᠬᠢᠪᠡ
2020.10.13

  ᠣᠢᠷ᠎ᠠ᠎ᠶᠢᠨ ᠡᠳᠦᠷ᠂ ᠭᠤᠸᠠᠩᠳᠦ᠋ᠩ ᠮᠤᠵᠢ᠎ᠶᠢᠨ ᠬᠡᠪᠯᠡᠯ᠎ᠦᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠲᠠᠨ ᠵᠢᠶᠦ᠋ᠨ ᠲᠢᠶᠧ᠎ᠨᠠᠷ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠳᠤ ᠢᠷᠡᠵᠦ ᠪᠠᠢᠴᠠᠭᠠᠨ ᠰᠤᠳᠤᠯᠤᠯᠳᠠ ᠬᠢᠭᠰᠡᠨ ᠪᠠᠢᠨ᠎ᠠ᠃ ᠳᠡᠳ᠋ᠡ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠤᠨ ᠲᠣᠮᠤ ᠳ᠋ᠠᠢᠲ᠋ᠠ᠎ᠶᠢᠨ ᠬᠡᠷᠡᠭᠯᠡᠭᠡᠨ᠎ᠦ ᠦᠵᠡᠭᠦᠯᠭᠡᠨ ᠲᠥᠪ᠎ᠢᠶᠠᠷ ᠳᠤᠭᠤᠷᠢᠨ ᠦᠵᠡᠭᠰᠡᠨ᠎ᠦ ᠳᠠᠷᠠᠭ᠎ᠠ ᠰᠣᠶᠤᠯ᠎ᠤᠨ ᠬᠦᠭᠵᠢᠬᠦᠯᠦᠯᠳᠠ ᠦᠭᠡᠷᠡᠴᠢᠯᠡᠯᠳᠡ᠎ᠶᠢᠨ ᠲᠤᠬᠠᠢ ᠠᠰᠠᠭᠤᠳᠠᠯ ᠪᠣᠯᠤᠨ ᠬᠠᠮᠳᠤᠷᠠᠨ ᠠᠵᠢᠯᠯᠠᠵᠦ ᠪᠣᠯᠬᠤᠢᠴᠠ ᠠᠵᠢᠯ ᠬᠡᠷᠡᠭ᠎ᠦᠨ ᠲᠠᠯ᠎ᠠ᠎ᠪᠡᠷ ᠰᠠᠭᠤᠳᠠᠯ᠎ᠤᠨ ᠬᠤᠷᠠᠯ ᠬᠢᠵᠦ ᠶᠠᠷᠢᠯᠴᠠᠪᠠ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠤᠨ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ᠂ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ ᠶᠡᠷᠦᠩᠬᠡᠢ ᠳᠠᠭᠠᠭᠠᠮᠠᠯ ᠽᠸᠩ ᠬᠠᠨ᠂ ᠪᠦᠯᠦᠭᠯᠡᠯ᠎ᠤᠨ ᠨᠠᠮ᠎ᠤᠨ ᠬᠣᠷᠢᠶᠠᠨ᠎ᠤ ᠬᠡᠱᠢᠬᠦᠨ ᠶᠡᠷᠦᠩᠬᠡᠢ ᠨᠠᠢᠷᠠᠭᠤᠯᠤᠭᠴᠢ ᠴᠡᠴᠡᠭ᠂ ᠪᠦᠯᠦᠭᠯᠡᠯ᠎ᠤᠨ ᠨᠠᠮ᠎ᠤᠨ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ ᠸᠠᠩ ᠹᠦ ᠵᠡᠷᠭᠡ ᠤᠳᠤᠷᠢᠳᠤᠯᠭ᠎ᠠ ᠰᠠᠭᠤᠳᠠᠯ᠎ᠤᠨ ᠬᠤᠷᠠᠯ᠎ᠳᠤ ᠣᠷᠤᠯᠴᠠᠪᠠ᠃

  ᠣᠢᠯᠠᠭᠠᠭᠰᠠᠨ᠎ᠢᠶᠠᠷ᠂ ᠭᠤᠸᠠᠩᠳᠦ᠋ᠩ ᠮᠤᠵᠢ᠎ᠶᠢᠨ ᠬᠡᠪᠯᠡᠯ᠎ᠦᠨ ᠪᠦᠯᠦᠭᠯᠡᠯ᠎ᠨᠢ ᠪᠦᠬᠦ ᠤᠯᠤᠰ᠎ᠲᠤ ᠬᠠᠮᠤᠭ᠎ᠤᠨ ᠠᠩᠬ᠎ᠠ ᠪᠦᠯᠦᠭᠯᠡᠯ ᠪᠠᠢᠭᠤᠯᠤᠭᠰᠠᠨ ᠬᠡᠪᠯᠡᠯ᠎ᠦᠨ ᠦᠬᠡᠷᠡᠴᠢᠯᠡᠯᠳᠡ᠎ᠶᠢᠨ ᠳᠤᠷᠱᠢᠯᠳᠠ᠎ᠶᠢᠨ ᠨᠢᠭᠡᠴᠢ ᠪᠣᠯᠬᠤ᠎ᠶᠤᠮ᠃ ᠣᠢᠷ᠎ᠠ᠎ᠶᠢᠨ ᠵᠢᠯ᠎ᠳᠤ ᠳᠣᠰ ᠪᠦᠯᠦᠭᠯᠡᠯ ᠬᠡᠪᠯᠡᠯ᠎ᠦᠨ ᠭᠣᠤᠯ ᠦᠢᠯᠡᠰ᠎ᠢ ᠳᠣᠪᠤᠢᠯᠭᠠᠬᠤ᠂ ᠤᠯᠠᠨ ᠠᠵᠢᠯ ᠲᠥᠷᠦᠯ᠎ᠢ ᠬᠠᠮᠳᠤ᠎ᠪᠡᠷ ᠡᠷᠬᠢᠯᠡᠬᠦ᠂ ᠬᠣᠤᠰ ᠦᠷ᠎ᠡ ᠪᠦᠳᠦᠮᠵᠢ᠎ᠶᠢ ᠨᠢᠭᠡᠳᠦᠭᠦᠯᠬᠦ ᠵᠡᠷᠭᠡ ᠲᠠᠯ᠎ᠠ᠎ᠪᠡᠷ ᠴᠥᠮ ᠳᠣᠪᠤᠢᠮ᠎ᠠ ᠠᠮᠵᠢᠯᠳᠠ ᠤᠯᠵᠦ᠂ ᠣᠨᠴᠠᠭᠠᠢᠯᠠᠨ ᠬᠡᠪᠯᠡᠯ᠎ᠦᠨ ᠡᠷᠬᠡ᠎ᠶᠢᠨ ᠠᠷᠠᠯᠵᠢᠶ᠎ᠠ᠂ ᠬᠥᠷᠦᠩᠭᠡ᠎ᠶᠢᠨ ᠡᠷᠬᠢᠯᠳᠠ ᠪᠠ ᠵᠠᠭᠤᠴᠢᠯᠠᠭᠤᠷ᠎ᠤᠨ ᠠᠭᠤᠰᠤᠯᠴᠠᠯ ᠵᠢᠴᠢ ᠠᠵᠤ ᠦᠢᠯᠡᠰ ᠬᠦᠷᠢᠶᠡᠯᠡᠩ ᠳᠤᠭᠤᠷᠢᠭ᠎ᠤᠨ ᠪᠦᠳᠦᠬᠡᠨ ᠪᠠᠢᠭᠤᠯᠤᠯᠳᠠ᠂ ᠪᠤᠬᠢᠷᠳᠤᠯᠭᠦᠢ ᠢᠳᠡᠭᠡᠨ᠂ ᠰᠣᠶᠤᠯ ᠵᠢᠭᠤᠯᠴᠢᠯᠠᠯ᠎ᠤᠨ ᠦᠢᠯᠡᠴᠢᠯᠡᠭᠡᠨ᠎ᠦ ᠠᠵᠤ ᠦᠢᠯᠡᠰ᠎ᠢ ᠨᠡᠭᠡᠭᠡᠨ ᠬᠥᠭᠵᠢᠭᠦᠯᠬᠦ ᠲᠠᠯ᠎ᠠ᠎ᠪᠡᠷ ᠢᠯᠡᠳᠳᠡ ᠠᠮᠵᠢᠯᠳᠠ ᠣᠯᠤᠭᠰᠠᠨ ᠪᠠᠢᠨ᠎ᠠ᠃ 

  ᠪᠦᠯᠦᠭᠯᠡᠯ᠎ᠤᠨ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠰᠠᠭᠤᠳᠠᠯ᠎ᠤᠨ ᠬᠤᠷᠠᠯ ᠳᠡᠭᠡᠷ᠎ᠡ᠄ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ〈ᠨᠢᠭᠡ ᠦᠢᠯᠡᠰ᠎ᠢᠶᠡᠷ ᠭᠤᠤᠯᠳᠠᠭᠤᠯᠵᠦ᠂ ᠤᠯᠠᠨ ᠲᠠᠯ᠎ᠠ᠎ᠪᠡᠷ ᠬᠥᠭᠵᠢᠬᠦ〉 ᠰᠡᠳᠭᠢᠮᠵᠢ᠎ᠶᠢ ᠪᠠᠷᠢᠮᠳᠠᠯᠠᠭᠰᠠᠭᠠᠷ ᠢᠷᠡᠵᠦ᠂ ᠬᠡᠪᠯᠡᠯ᠎ᠦᠨ ᠦᠢᠯᠡᠰ᠎ᠦᠨ ᠭᠣᠤᠯ ᠰᠠᠭᠤᠷᠢ᠎ᠶᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ ᠠᠵᠤ ᠦᠢᠯᠡᠰ᠎ᠦᠨ ᠬᠡᠯᠬᠢᠶᠡᠵᠢᠯ᠎ᠢ ᠢᠳᠡᠪᠬᠢᠳᠡᠢ ᠰᠤᠩᠭᠠᠨ ᠬᠦᠭᠵᠢᠭᠦᠯᠦᠭᠰᠡᠨ᠎ᠢᠶᠠᠷ ᠣᠳᠤ ᠨᠢᠬᠡᠨᠳᠡ ᠨᠣᠮ ᠪᠢᠴᠢᠭ᠂ ᠰᠣᠨᠢᠨ ᠰᠡᠳᠭᠦᠯ᠂ ᠡᠯᠸᠺᠲᠷᠤᠨ ᠳᠠᠭᠤ ᠳᠦᠷᠰᠦ᠎ᠶᠢᠨ ᠬᠡᠪᠯᠡᠭᠳᠡᠬᠦᠨ᠎ᠢ ᠬᠠᠮᠤᠷᠤᠭᠰᠠᠨ᠂ ᠬᠡᠪᠯᠡᠬᠦ᠎ᠡᠴᠡ ᠡᠮᠦᠨᠡᠬᠢ ᠦᠢᠯᠡᠳᠭᠡᠯ᠂ ᠬᠡᠪᠯᠡᠯᠳᠡ᠂ ᠳᠠᠷᠬᠠᠭᠠᠯᠳᠠ᠂ ᠬᠡᠪᠯᠡᠯ᠎ᠦᠨ ᠡᠷᠬᠡ᠎ᠶᠢᠨ ᠠᠷᠠᠯᠵᠢᠶ᠎ᠠ᠂ ᠳ᠋ᠢᠭᠢᠲ ᠬᠡᠪᠯᠡᠯ᠂ ᠵᠥᠭᠡᠯᠡᠨ ᠳᠤᠨᠤᠭ᠎ᠤᠨ ᠰᠤᠳᠤᠯᠤᠨ ᠨᠡᠭᠡᠭᠡᠯᠲᠡ᠂ ᠨᠸᠲ ᠰᠦᠯᠵᠢᠶᠡᠨ᠎ᠦ ᠦᠢᠯᠡᠴᠢᠯᠡᠭᠡ ᠵᠡᠷᠭᠡ᠎ᠶᠢ ᠨᠢᠭᠡ ᠴᠤᠭᠴᠠᠵᠢᠭᠤᠯᠵᠦ᠂ ᠵᠣᠴᠢᠳ᠎ᠤᠨ ᠪᠠᠭᠤᠳᠠᠯ᠂ ᠰᠣᠶᠤᠯ ᠭᠠᠵᠠᠷ ᠬᠥᠷᠦᠩᠭᠡ ᠵᠡᠷᠭᠡ ᠠᠷᠪᠠᠭᠠᠳ ᠠᠵᠢᠯ ᠲᠥᠷᠦᠯ᠎ᠢ ᠬᠠᠪᠰᠤᠷᠭᠠᠨ ᠡᠷᠬᠢᠯᠡᠭᠰᠡᠨ ᠤᠯᠠᠨ ᠡᠱᠢᠳᠦ ᠬᠦᠭᠵᠢᠯᠳᠠ᠎ᠶᠢᠨ ᠳᠤᠭᠳᠠᠮᠵᠢ᠎ᠶᠢ ᠪᠦᠷᠢᠳᠦᠭᠦᠯᠪᠡ᠃ 》 ᠬᠡᠵᠤ ᠶᠠᠷᠢᠭᠰᠠᠨ ᠪᠠᠢᠨ᠎ᠠ᠃

  ᠱᠤᠸᠠᠩ ᠯᠦᠩ ᠳᠠᠷᠤᠭ᠎ᠠ᠎ᠡᠴᠡ᠄ 《〈ᠤᠯᠤᠰ᠎ᠤᠨ ᠰᠣᠶᠤᠯ᠎ᠤᠨ ᠭᠠᠳᠠᠭᠠᠳᠤ᠎ᠳᠤ ᠭᠠᠷᠭᠠᠬᠤ ᠭᠣᠤᠯᠳᠠᠯᠭ᠎ᠠ᠎ᠲᠠᠢ ᠠᠵᠤ ᠠᠬᠤᠢᠯᠠᠯ〉 ᠪᠣᠯᠬᠤ ᠭᠤᠸᠠᠩᠳᠦ᠋ᠩ ᠮᠤᠵᠢ᠎ᠶᠢᠨ ᠬᠡᠪᠯᠡᠯ᠎ᠦᠨ ᠪᠦᠯᠦᠭᠯᠡᠯ᠎ᠤᠨ ᠪᠤᠳᠠᠳᠤ ᠬᠦᠴᠦᠨ ᠴᠢᠩᠭ᠎ᠠ᠂ ᠪᠢᠳᠡᠨ᠎ᠦ ᠰᠤᠷᠤᠯᠴᠠᠬᠤ ᠳᠠᠭᠤᠷᠢᠶᠠᠯ ᠪᠣᠯᠤᠭᠰᠠᠭᠠᠷ ᠢᠷᠡᠪᠡ᠃ ᠮᠠᠨ᠎ᠤ ᠬᠡᠪᠯᠡᠯ᠎ᠦᠨ ᠪᠦᠯᠦᠭᠯᠡᠯ ᠬᠡᠪᠯᠡᠯ᠎ᠤᠨ ᠦᠢᠯᠡᠰ ᠪᠠ ᠤᠯᠠᠨ ᠡᠱᠢᠳᠦ ᠠᠵᠤ ᠦᠢᠯᠡᠰ᠎ᠢ ᠡᠷᠬᠢᠯᠡᠬᠦ ᠲᠠᠯ᠎ᠠ᠎ᠪᠡᠷ ᠵᠣᠬᠢᠬᠤ ᠠᠮᠵᠢᠯᠳᠠ ᠣᠯᠤᠭᠰᠠᠨ ᠪᠣᠯᠪᠠᠴᠤ ᠭᠤᠸᠠᠩᠳᠦ᠋ᠩ ᠮᠤᠵᠢ᠎ᠶᠢᠨ ᠬᠡᠪᠯᠡᠯ᠎ᠦᠨ ᠪᠦᠯᠦᠭᠯᠡᠯ ᠮᠡᠳᠦ᠎ᠶᠢᠨ ᠤᠯᠤᠰ᠎ᠤᠨ ᠳᠤᠳᠤᠭᠠᠳᠤ᠎ᠶᠢᠨ ᠳᠡᠷᠢᠬᠦᠨ᠎ᠦ ᠬᠡᠪᠯᠡᠯ᠎ᠦᠨ ᠪᠦᠯᠦᠭᠯᠡᠯ᠎ᠲᠠᠢ ᠬᠠᠷᠢᠴᠠᠭᠤᠯᠪᠠᠯ ᠡᠵᠡᠩᠨᠡᠯᠳᠡ᠎ᠶᠢᠨ ᠣᠢᠯᠠᠭᠠᠭᠳᠠᠬᠤᠨ᠎ᠤ ᠱᠢᠨᠡᠴᠢᠯᠡᠯᠳᠡ᠂ ᠬᠠᠮᠢᠶᠠᠷᠤᠯᠳᠠ᠎ᠶᠢᠨ ᠠᠷᠭ᠎ᠠ ᠮᠠᠶᠢᠭ ᠵᠢᠴᠢ ᠬᠦᠭᠵᠢᠬᠦᠯᠦᠯᠳᠠ᠎ᠶᠢᠨ ᠬᠦᠷᠢᠶ᠎ᠡ ᠬᠡᠪᠴᠢᠶ᠎ᠡ᠂ ᠶᠠᠰᠤ ᠴᠢᠨᠠᠷ᠎ᠤᠨ ᠲᠠᠯ᠎ᠠ᠎ᠪᠡᠷ ᠮᠥᠨ᠎ᠬᠦ ᠨᠡᠯᠢᠶᠡᠳ ᠶᠡᠬᠡ ᠵᠥᠷᠢᠶ᠎ᠡ ᠤᠷᠤᠱᠢᠵᠦ ᠪᠠᠢᠨ᠎ᠠ᠃ ᠡᠨᠡ᠎ᠬᠦ ᠳᠠᠱᠢᠷᠠᠮ᠎ᠢᠶᠠᠷ ᠰᠣᠶᠤᠯ᠎ᠤᠨ ᠬᠦᠭᠵᠢᠬᠦᠯᠦᠯᠳᠡ ᠦᠭᠡᠷᠡᠴᠢᠯᠡᠯᠳᠡ᠎ᠶᠢᠨ ᠲᠠᠯ᠎ᠠ᠎ᠪᠡᠷ ᠰᠤᠳᠤᠯᠤᠨ ᠶᠠᠷᠢᠯᠴᠠᠵᠦ ᠰᠣᠯᠢᠯᠴᠠᠨ ᠰᠤᠷᠤᠯᠴᠠᠬᠤ᠎ᠶᠢ ᠬᠦᠰᠡᠵᠦ ᠪᠠᠢᠨ᠎ᠠ᠃ ᠮᠥᠨ᠎ᠴᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠣᠳᠤ ᠶᠠᠭ ᠱᠢᠨ᠎ᠡ ᠨᠢᠭᠡᠨ ᠡᠭᠡᠯᠵᠢ᠎ᠶᠢᠨ ᠦᠭᠡᠷᠡᠴᠢᠯᠡᠯᠳᠡ ᠬᠦᠭᠵᠢᠬᠦᠯᠦᠯᠳᠡ᠎ᠶᠢ ᠪᠦᠬᠦ ᠬᠦᠴᠦᠨ᠎ᠢᠶᠡᠷ ᠳᠦᠯᠬᠢᠨ ᠠᠬᠢᠭᠤᠯᠵᠦ ᠪᠠᠢᠭ᠎ᠠ ᠵᠠᠩᠭᠢᠯᠠᠭ᠎ᠠ᠎ᠶᠢᠨ ᠦᠶ᠎ᠡ᠎ᠳᠤ ᠬᠤᠶᠠᠷ ᠲᠠᠯ᠎ᠠ᠎ᠪᠡᠷ ᠬᠠᠮᠳᠤᠷᠠᠨ ᠠᠵᠢᠯᠯᠠᠬᠤ᠎ᠪᠠᠨ ᠴᠢᠩᠭ᠋ᠠᠳᠭᠠᠵᠦ᠂ ᠬᠠᠮᠲᠤ᠎ᠶᠢᠨ ᠬᠦᠭᠵᠢᠯᠳᠠ᠎ᠳᠤ ᠪᠠᠲᠤ ᠰᠠᠭᠤᠷᠢ ᠲᠠᠯᠪᠢᠬᠤ᠎ᠶᠢ ᠬᠦᠰᠡᠵᠦ ᠪᠠᠢᠨ᠎ᠠ᠃ 》 ᠬᠡᠵᠤ ᠵᠢᠭᠠᠨ ᠭᠠᠷᠭᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604