ᠬᠦᠭᠵᠢᠶᠡᠨᠳᠦ ᠨᠠᠢᠷ᠎ᠤᠨ ᠬᠠᠪᠤ ᠴᠡᠩᠭᠡᠯ᠎ᠢ ᠡᠳ᠋ᠯᠡᠨ᠂ ᠬᠡᠪᠯᠡᠯ᠎ᠦᠨ ᠠᠵᠢᠯᠳᠠᠳ᠎ᠤᠨ ᠬᠡᠪ ᠨᠠᠮᠪᠠ᠎ᠶᠢ ᠪᠣᠢ ᠪᠣᠯᠭᠠᠨᠠᠮ —— ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠣᠶᠠᠳᠠᠭᠴᠢ ᠤᠳᠠᠭᠠᠨ᠎ᠤ ᠠᠵᠢᠯᠳᠠᠨ ᠠᠵᠢᠯᠴᠢᠨ᠎ᠤ ᠲᠠᠮᠢᠷ᠎ᠤᠨ ᠤᠷᠤᠯᠳᠤᠭᠠᠨ᠎ᠢ ᠳᠡᠮᠳᠡᠭᠯᠡᠬᠦ᠎ᠨᠢ
2020.10.19

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠠᠵᠢᠯᠳᠠᠳ᠎ᠤᠨ᠎ᠢᠶᠡᠨ ᠠᠵᠢᠯ᠎ᠤᠨ ᠴᠢᠯᠦᠭᠡᠨ᠎ᠦ ᠰᠣᠶᠤᠯ᠎ᠤᠨ ᠠᠮᠢᠳᠤᠷᠠᠯ᠎ᠢ ᠤᠯᠠᠮ ᠪᠠᠶᠠᠯᠢᠭᠵᠢᠭᠤᠯᠵᠦ᠂  ᠥᠭᠡᠳᠡᠷᠬᠡᠭ ᠢᠳᠡᠪᠬᠢᠳᠡᠢ ᠰᠣᠶᠤᠯ᠎ᠤᠨ ᠠᠭᠤᠷ ᠠᠮᠢᠰᠭᠤᠯ᠎ᠢ ᠪᠤᠢ ᠪᠣᠯᠭᠠᠨ᠂ ᠬᠠᠷᠢᠯᠴᠠᠭ᠎ᠠ ᠬᠣᠯᠪᠤᠭ᠎ᠠ ᠪᠦᠯᠬᠦᠮᠳᠡᠯ ᠨᠢᠭᠳᠠᠷᠠᠯ᠎ᠢ ᠤᠯᠠᠮ ᠴᠢᠩᠭᠠᠳᠭᠠᠬᠤ ᠭᠡᠰᠡᠨ ᠵᠣᠷᠢᠯᠭ᠎ᠠ᠎ᠪᠡᠷ 2020 ᠣᠨ᠎ᠤ 10 ᠰᠠᠷ᠎ᠠ᠎ᠶᠢᠨ 12——16᠎ᠤ ᠡᠳᠦᠷ ᠬᠣᠶᠠᠳᠠᠭᠴᠢ ᠤᠳᠠᠭᠠᠨ᠎ᠤ ᠠᠵᠢᠯᠳᠠᠨ ᠠᠵᠢᠯᠲᠠᠳ᠎ᠤᠨ ᠲᠠᠮᠢᠷ᠎ᠤᠨ ᠤᠷᠤᠯᠳᠤᠭᠠᠨ᠎ᠢ ᠡᠷᠬᠢᠯᠡᠨ ᠶᠠᠪᠤᠭᠳᠠᠭᠤᠯᠪᠠ᠃

  ᠲᠤᠰ ᠤᠳᠠᠭᠠᠨ᠎ᠤ ᠤᠷᠤᠯᠳᠤᠭᠠᠨ᠎ᠨᠢ 《ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠤᠨ ᠵᠤᠯᠪᠤᠭᠠᠳᠤ ᠦᠢᠯᠡᠰ᠎ᠢᠶᠡᠨ ᠴᠤᠭᠴᠠᠯᠠᠵᠦ᠂ ᠪᠦᠯᠬᠦᠮᠳᠡᠯ ᠨᠢᠭᠳᠠᠷᠠᠯ᠎ᠢ ᠴᠢᠩᠭᠠᠳᠭᠠᠨ ᠬᠠᠮᠳᠤ᠎ᠪᠡᠷ ᠳᠡᠮᠡᠴᠡᠨ ᠤᠷᠤᠭᠱᠢᠯᠠᠰᠤᠭᠠᠢ —— ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠤᠨ ᠬᠣᠷᠢᠶ᠎ᠠ ᠪᠠᠢᠭᠤᠯᠤᠭᠳᠠᠭᠰᠠᠨ 60 ᠵᠢᠯ᠎ᠤᠨ ᠤᠢ᠎ᠶᠢ ᠳᠤᠷᠠᠰᠭᠠᠨ ᠲᠡᠮᠳᠡᠭᠯᠡᠶ᠎ᠡ》 ᠬᠡᠮᠡᠬᠦ ᠭᠣᠤᠯ ᠰᠡᠳᠦᠪ᠎ᠦᠨ ᠳᠤᠭᠤᠷᠢᠨ᠎ᠳᠤ ᠶᠠᠪᠤᠭᠳᠠᠵᠦ᠂ 5 ᠡᠳᠦᠷ᠎ᠦᠨ ᠬᠤᠭᠤᠴᠠᠭᠠᠨ᠎ᠳᠤ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠥᠳᠦᠨ ᠪᠥᠮᠪᠦᠭᠡ᠎ᠶᠢᠨ ᠤᠷᠤᠯᠳᠤᠭᠠᠨ ᠪᠣᠯᠤᠨ ᠰᠤᠨᠢᠷᠬᠠᠯᠳᠤ ᠤᠷᠤᠯᠳᠤᠭᠠᠨ ᠵᠡᠷᠭᠡ ᠤᠯᠠᠨ ᠬᠡᠯᠪᠡᠷᠢ᠎ᠶᠢᠨ ᠬᠥᠳᠡᠯᠭᠡᠭᠡᠨ᠎ᠢ ᠥᠷᠨᠢᠭᠦᠯᠪᠡ᠃ 

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠣᠶᠠᠳᠠᠭᠴᠢ ᠤᠳᠠᠭᠠᠨ᠎ᠤ ᠠᠵᠢᠯᠳᠠᠨ᠎ᠤ ᠲᠠᠮᠢᠷ᠎ᠤᠨ ᠤᠷᠤᠯᠳᠤᠭᠠᠨ᠎ᠤ ᠡᠬᠢᠯᠡᠯᠳᠡ᠎ᠶᠢᠨ ᠶᠣᠰᠤᠯᠠᠯ᠂ ᠰᠤᠨᠢᠷᠬᠠᠯᠳᠤ ᠤᠷᠤᠯᠳᠤᠭᠠᠨ᠂ ᠱᠠᠩᠨᠠᠯ ᠣᠯᠭᠤᠬᠤ ᠶᠣᠰᠤᠯᠠᠯ 10 ᠰᠠᠷ᠎ᠠ᠎ᠶᠢᠨ 16᠎ᠤ ᠡᠳᠦᠷ ᠬᠦᠬᠡᠬᠤᠳᠠ᠎ᠶᠢᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠦ ᠲᠥᠪ᠎ᠲᠦ ᠶᠠᠪᠤᠭᠳᠠᠪᠠ᠃ ᠪᠦᠯᠦᠭᠯᠡᠯ᠎ᠦᠨ ᠶᠡᠷᠦᠩᠬᠡᠢ ᠵᠠᠬᠢᠷᠭ᠎ᠠ ᠵᠢᠴᠢ ᠬᠠᠷᠢᠶᠠᠳᠤ ᠨᠢᠭᠡᠴᠢ᠎ᠶᠢᠨ 13 ᠳᠦᠯᠦᠭᠡᠯᠡᠭᠴᠢ᠎ᠶᠢᠨ ᠠᠩᠭᠢ᠎ᠨᠢ ᠳᠡᠷᠢ ᠳᠡᠭᠱᠢ ᠮᠥᠷᠯᠡᠨ ᠵᠢᠭᠳᠡ ᠠᠢᠵᠠᠮ ᠠᠯᠬᠤᠭ᠎ᠠ᠎ᠪᠡᠷ ᠤᠷᠢᠶ᠎ᠠ ᠬᠠᠰᠭᠢᠷᠤᠨ ᠲᠠᠯᠠᠪᠤᠷ᠎ᠲᠤ ᠣᠷᠤᠯ᠎ᠠ᠃ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠤᠷᠤᠯᠳᠤᠭᠠᠨ ᠡᠬᠢᠯᠡᠭᠰᠡᠨ᠎ᠢ ᠵᠠᠷᠯᠠᠵᠦ᠂ ᠪᠦᠯᠦᠭᠯᠡᠯ᠎ᠦᠨ ᠨᠠᠮ᠎ᠤᠨ ᠡᠭᠦᠷ᠎ᠦᠨ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ᠎ᠡᠴᠡ ᠪᠦᠬᠦ ᠠᠵᠢᠯᠳᠠᠳ ᠤᠷᠤᠯᠳᠤᠭᠠᠨ᠎ᠳᠤ ᠢᠳᠡᠪᠬᠢᠳᠡᠢ ᠣᠷᠤᠯᠴᠠᠵᠤ᠂ ᠤᠷᠤᠯᠳᠤᠭᠠᠨ᠎ᠤ ᠪᠠᠶᠠᠷ ᠴᠡᠩᠭᠡᠯ᠎ᠢ ᠬᠠᠮᠳᠤ᠎ᠪᠡᠷ ᠡᠳ᠋ᠯᠡᠵᠦ᠂ ᠤᠷᠤᠯᠳᠤᠭᠠᠨ᠎ᠦ ᠵᠣᠷᠢᠭ ᠰᠠᠨᠠᠭ᠎ᠠ᠎ᠶᠢ ᠳᠤᠬᠠᠢᠯᠠᠭᠰᠠᠨ ᠠᠵᠢᠯ᠎ᠳᠤ᠎ᠪᠠᠨ ᠲᠤᠭᠤᠱᠢᠯᠠᠭᠤᠯᠵᠤ᠂ ᠨᠡᠩ ᠱᠢᠯᠢᠳᠡᠭ ᠠᠵᠢᠯ᠎ᠤᠨ ᠬᠢᠷᠢ ᠪᠦᠳᠦᠮᠵᠢ ᠤᠯᠬᠤ᠎ᠶᠢ ᠤᠷᠢᠶᠠᠯᠠᠵᠤ ᠡᠬᠢᠯᠡᠯᠳᠡ᠎ᠶᠢᠨ ᠶᠠᠷᠢᠶ᠎ᠠ ᠲᠠᠯᠪᠢᠵᠠᠢ᠃

 ᠰᠠᠭᠰᠤᠨ ᠪᠥᠮᠪᠦᠭᠡ᠎ᠶᠢᠨ ᠤᠷᠤᠯᠳᠤᠭᠠᠨ

  ᠰᠤᠨᠢᠷᠬᠠᠯᠳᠤ ᠤᠷᠤᠯᠳᠤᠭᠠᠨ᠎ᠨᠢ 《ᠳᠡᠪᠡᠭ ᠱᠢᠳᠡᠬᠦ》᠂ 《ᠨᠢᠭᠡ ᠪᠦᠰᠡ ᠨᠢᠭᠡ ᠵᠠᠮ》᠂ 《ᠬᠥᠯ ᠪᠥᠮᠪᠦᠭᠡ᠎ᠪᠡᠷ ᠤᠨᠤᠭ᠎ᠠ ᠢᠰᠭᠦᠯᠬᠦ》᠂ 《ᠬᠠᠭᠤᠷᠠᠢ ᠵᠠᠮ᠎ᠤᠨ ᠮᠥᠰᠦᠨ ᠲᠠᠪᠤᠷ᠎ᠠ ᠭᠤᠯᠭᠤᠭᠤᠯᠬᠤ》᠂ 《ᠨᠣᠮ ᠪᠤᠭᠤᠳᠠᠯᠯᠠᠨ ᠲᠦᠷᠭᠡᠨ ᠳᠠᠮᠵᠢᠭᠤᠯᠬᠤ》᠂ 《ᠶᠠᠰᠤᠳᠤ ᠮᠡᠯᠡᠬᠡᠢ ᠬᠢᠭᠡᠳ ᠲᠠᠤᠯᠠᠢ ᠤᠷᠤᠯᠳᠤᠬᠤ》 ᠵᠡᠷᠭᠡ ᠬᠥᠳᠡᠯᠭᠡᠭᠡᠨ᠎ᠢᠶᠡᠷ ᠪᠦᠷᠢᠯᠳᠦᠵᠦ᠂ ᠣᠷᠤᠯᠴᠠᠭᠰᠠᠨ ᠬᠥᠮᠦᠨ᠎ᠦ ᠲᠣᠭ᠎ᠠ ᠤᠯᠠᠨ᠂ ᠳᠥᠷᠦᠯ ᠵᠦᠢᠯ ᠤᠯᠠᠨ᠎ᠢᠶᠠᠷ᠎ᠢᠶᠠᠨ ᠤᠷᠤᠯᠳᠤᠭᠠᠨ᠎ᠤ ᠲᠠᠯᠠᠪᠤᠷ᠎ᠢ ᠤᠯᠠᠮ ᠬᠦᠷ ᠬᠥᠭᠵᠢᠶᠡᠨ᠎ᠢᠶᠠᠷ ᠪᠢᠯᠬᠠᠭᠤᠯᠵᠦ᠂ ᠤᠷᠮ᠎ᠠ ᠬᠠᠢᠷᠠᠯᠠᠵᠦ ᠤᠤᠬᠠᠢᠯᠠᠭᠰᠠᠨ ᠠᠯᠠᠭ᠎ᠠ ᠲᠠᠱᠢᠯᠲᠠ᠎ᠶᠢᠨ ᠳᠠᠭᠤᠨ ᠲᠠᠰᠤᠷᠠᠯᠲᠠ᠎ᠦᠭᠡᠢ ᠦᠷᠭᠦᠯᠵᠢᠯᠡᠵᠦ ᠪᠠᠢᠪᠠ᠃ 13 ᠲᠥᠯᠦᠭᠡᠯᠡᠭᠴᠢ᠎ᠶᠢᠨ ᠠᠩᠭᠢ᠎ᠶᠢᠨ ᠳᠠᠮᠢᠷᠴᠢᠳ ᠤᠷ᠎ᠠ ᠳᠡᠮ᠂ ᠤᠬᠠᠭᠠᠨ ᠲᠠᠮᠢᠷ᠎ᠢᠶᠠᠨ ᠰᠣᠷᠢᠯᠴᠠᠵᠤ᠂ ᠬᠡᠪᠯᠡᠯ᠎ᠦᠨ ᠠᠵᠢᠯᠳᠠᠨ᠎ᠤ ᠬᠠᠮᠵᠢᠯᠴᠠᠨ ᠨᠢᠭᠳᠠᠷᠠᠬᠤ᠂ ᠬᠠᠮᠲᠤ᠎ᠪᠡᠷ ᠲᠡᠮᠡᠴᠡᠬᠦ ᠵᠣᠷᠢᠭ ᠰᠠᠨᠠᠭ᠎ᠠ᠎ᠶᠢ ᠬᠠᠷᠠᠭᠤᠯᠵᠤ ᠴᠢᠳᠠᠭᠰᠠᠨ᠎ᠶᠤᠮ᠃

ᠠᠯᠠᠭᠠᠳᠠᠬᠤ ᠪᠥᠮᠪᠦᠭᠡ᠎ᠶᠢᠨ ᠤᠷᠤᠯᠳᠤᠭᠠᠨ

  10 ᠰᠠᠷ᠎ᠠ᠎ᠶᠢᠨ 16᠎ᠤ ᠦᠳᠡ᠎ᠶᠢᠨ ᠬᠣᠢᠨᠠᠬᠢ ᠲᠡᠭᠦᠰᠭᠡᠯ᠎ᠦᠨ ᠶᠣᠰᠤᠯᠠᠯ᠎ᠳᠤ ᠤᠷᠤᠯᠳᠤᠭᠠᠨ᠎ᠳᠤ ᠣᠷᠤᠯᠴᠠᠭᠰᠠᠳ᠎ᠲᠤ ᠬᠤᠪᠢ ᠬᠥᠮᠦᠨ᠎ᠤ ᠱᠠᠩᠨᠠᠯ᠂ ᠬᠠᠮᠲᠤ ᠨᠡᠢᠳᠡ᠎ᠶᠢᠨ ᠱᠠᠩᠨᠠᠯ᠂ ᠣᠶᠤᠨ᠎ᠤ ᠪᠣᠯᠪᠠᠰᠤᠨ᠎ᠤ ᠱᠠᠩᠨᠠᠯ ᠪᠣᠯᠤᠨ ᠱᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ ᠭᠠᠷᠲᠠᠭᠤᠯᠵᠦ ᠬᠥᠬᠢᠭᠦᠯᠦᠨ ᠵᠣᠷᠢᠭᠵᠢᠭᠤᠯᠪᠠ᠃

ᠥᠳᠦᠨ ᠪᠥᠮᠪᠦᠭᠡ᠎ᠶᠢᠨ ᠤᠷᠤᠯᠳᠤᠭᠠᠨ

  ᠲᠤᠰ ᠤᠳᠠᠭᠠᠨ᠎ᠤ ᠲᠠᠮᠢᠷ᠎ᠤᠨ ᠤᠷᠤᠯᠳᠤᠭᠠᠨ᠎ᠨᠢ ᠨᠡᠢᠲᠡ ᠠᠵᠢᠯᠲᠠᠨ᠎ᠳᠤ ᠮᠠᠱᠢ ᠰᠠᠢᠨ ᠬᠠᠷᠢᠯᠴᠠᠭᠠᠨ᠎ᠤ ᠪᠣᠯᠤᠮᠵᠢ ᠬᠠᠩᠭ᠋ᠠᠵᠦ᠂ ᠠᠵᠢᠯ᠎ᠤᠨ ᠶᠠᠭᠠᠷᠠᠤ᠎ᠴᠠᠭ ᠵᠠᠪ᠎ᠢᠶᠡᠨ ᠵᠠᠢᠴᠢᠯᠠᠵᠤ ᠠᠵᠢᠯᠲᠠᠨ ᠠᠵᠢᠯᠴᠢᠳ᠎ᠤᠨ ᠪᠡᠶ᠎ᠡ ᠰᠡᠳᠭᠢᠯ᠎ᠦᠨ ᠶᠠᠳᠠᠷᠠᠭ᠎ᠠ᠎ᠶᠢ ᠳᠠᠢᠯᠬᠤ᠎ᠶᠢᠨ ᠬᠠᠮᠲᠤ ᠨᠥᠬᠦᠷᠯᠡᠯ᠎ᠢ  ᠪᠠᠲᠤᠳᠭᠠᠵᠤ᠂ ᠬᠠᠮᠲᠤᠴᠢ ᠦᠵᠡᠯ᠎ᠦᠨ ᠤᠬᠠᠮᠰᠠᠷ᠎ᠢ᠎ᠨᠢ ᠴᠢᠩᠭ᠋ᠠᠳᠭᠠᠵᠦ᠂ ᠠᠵᠤ ᠠᠬᠤᠢᠯᠠᠯ᠎ᠤᠨ ᠰᠣᠶᠤᠯ᠎ᠤᠨ ᠠᠭᠤᠷ ᠠᠮᠢᠰᠭᠤᠯ᠎ᠢ ᠨᠡᠩ ᠥᠳᠭᠡᠷᠡᠭᠦᠯᠪᠡ᠃

(ᠬᠠᠷᠢᠭᠤᠴᠠᠭᠰᠠᠨ ᠨᠠᠢᠷᠠᠭᠤᠯᠤᠭᠴᠢ : ᠨᠣᠮᠢᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604