ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠭᠣᠤᠯ ᠬᠡᠱᠢᠬᠦᠨ ᠪᠠᠢᠭᠤᠯᠭ᠎ᠠ ᠪᠣᠯᠬᠤ ᠥᠪᠤᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠡᠴᠡ ᠡᠷᠡᠮᠡᠯᠵᠡᠯᠡᠵᠤ ᠳᠠᠭᠠᠭᠠᠴᠠᠯᠠᠭᠰᠡᠨ 2017 ᠣᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠲᠤᠰᠭᠠᠢ ᠳᠡᠮᠵᠢᠯᠭᠡ᠎ᠶᠢᠨ ᠲᠥᠷᠦᠯ ᠵᠦᠢᠯ ᠪᠣᠯᠬᠤ 《ᠮᠣᠩᠭᠤᠯ ᠳᠤᠮᠳᠠᠳᠤ ᠪᠠᠭ᠎ᠠ ᠰᠤᠷᠭᠠᠭᠤᠯᠢ᠎ᠶᠢᠨ ᠤᠯᠤᠰ᠎ᠤᠨ ᠪᠠᠷᠢᠮᠵᠢᠶ᠎ᠠ ᠺᠤᠲᠲᠦ ᠡᠭᠦᠯᠡ ᠬᠢᠴᠢᠶᠡᠯ᠎ᠦᠨ ᠲᠠᠪᠴᠠᠩ᠎ᠤᠨ ᠪᠦᠲᠦᠭᠡᠨ ᠪᠠᠢᠭᠤᠯᠤᠯᠲᠠ ᠵᠢᠴᠢ ᠡᠵᠡᠩᠨᠡᠯᠲᠡ》᠎ᠨᠢ᠂ 2020 ᠣᠨ᠎ᠤ 10 ᠰᠠᠷ᠎ᠠ᠎ᠶᠢᠨ 28᠎ᠤ ᠡᠳᠦᠷ ᠥᠪᠤᠷ ᠮᠣᠩᠭᠤᠯ᠎ᠤᠨ ᠥᠪᠡᠷᠳᠡᠭᠡᠨ ᠵᠠᠰᠠᠬᠤ ᠣᠷᠤᠨ᠎ᠤ ᠦᠨᠳᠦᠰᠦᠳᠡᠨ᠎ᠦ ᠬᠡᠷᠡᠭ ᠡᠷᠬᠢᠯᠡᠬᠦ ᠵᠥᠪᠯᠡᠯ᠎ᠦᠨ ᠵᠣᠬᠢᠶᠠᠨ ᠪᠠᠢᠭᠤᠯᠤᠭᠰᠠᠨ ᠲᠥᠷᠦᠯ ᠵᠦᠢᠯ᠎ᠢ ᠱᠢᠯᠭᠠᠨ ᠪᠠᠢᠴᠠᠭᠠᠬᠤ ᠲᠤᠰᠭᠠᠢ ᠮᠡᠷᠭᠡᠵᠢᠯᠲᠡᠳ᠎ᠦᠨ ᠪᠦᠯᠭᠦᠮ᠎ᠦᠨ ᠬᠢᠨᠠᠨ ᠪᠠᠢᠴᠠᠭᠠᠯᠲᠠ᠎ᠶᠢ ᠠᠮᠵᠢᠯᠲᠠ᠎ᠲᠠᠢ᠎ᠪᠠᠷ ᠥᠩᠭᠡᠷᠡᠪᠡ᠃
ᠮᠣᠩᠭᠤᠯ ᠳᠤᠮᠳᠠᠳᠤ ᠪᠠᠭ᠎ᠠ ᠰᠤᠷᠭᠠᠭᠤᠯᠢ᠎ᠶᠢᠨ ᠤᠯᠤᠰ᠎ᠤᠨ ᠪᠠᠷᠢᠮᠵᠢᠶ᠎ᠠ ᠺᠤᠲᠲᠦ ᠡᠭᠦᠯᠡ ᠬᠢᠴᠢᠶᠡᠯ᠎ᠦᠨ ᠲᠠᠪᠴᠠᠩ᠎ᠢ ᠨᠡᠭᠡᠭᠡᠨ ᠦᠢᠯᠡᠳᠬᠦ᠎ᠪᠡᠷ ᠳᠠᠮᠵᠢᠭᠤᠯᠤᠨ ᠨᠠᠢ᠍ᠮᠠᠨ ᠮᠤᠵᠢ ᠣᠷᠤᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠮᠣᠩᠭᠤᠯ᠎ᠢᠶᠠᠷ ᠬᠢᠴᠢᠶᠡᠯᠯᠡᠬᠦ ᠪᠠᠭᠱᠢ ᠰᠤᠷᠤᠭᠴᠢᠳ᠎ᠲᠤ ᠰᠦᠯᠵᠢᠶ᠎ᠡ᠎ᠪᠡᠷ ᠬᠢᠴᠢᠶᠡᠯ ᠵᠢᠭᠠᠬᠤ᠂ ᠬᠢᠴᠢᠶᠡᠯ ᠰᠣᠨᠤᠰᠭᠤ ᠱᠢᠨ᠎ᠡ ᠬᠡᠯᠪᠡᠷᠢ᠎ᠶᠢ ᠪᠤᠢ ᠪᠣᠯᠭᠠᠵᠤ᠂ ᠮᠣᠩᠭᠤᠯ᠎ᠢᠶᠠᠷ ᠬᠢᠴᠢᠶᠡᠯᠯᠡᠬᠦ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠤᠨ ᠲᠡᠩᠴᠡᠪᠦᠷᠢ᠎ᠦᠭᠡᠢ ᠪᠠᠢᠳᠠᠯ᠎ᠢ ᠢᠯᠡᠳᠲᠡ ᠰᠠᠢᠵᠢᠷᠠᠭᠤᠯᠤᠨ᠂ ᠰᠦᠯᠵᠢᠶᠡᠨ᠎ᠦ ᠱᠢᠨ᠎ᠡ ᠲᠸᠭᠨᠢᠭ ᠮᠡᠷᠭᠡᠵᠢᠯ᠎ᠢ ᠠᠱᠢᠭᠯᠠᠨ ᠦᠨ᠎ᠡ ᠲᠥᠯᠦᠪᠦᠷᠢ᠎ᠦᠭᠡᠢ᠎ᠪᠠᠷ ᠮᠣᠩᠭᠤᠯ᠎ᠢᠶᠡᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠎ᠶᠢᠨ ᠡᠭᠦᠯᠡ ᠬᠢᠴᠢᠶᠡᠯ᠎ᠦᠨ ᠲᠠᠪᠴᠠᠩ᠎ᠢ ᠬᠠᠩᠭᠠᠵᠤ᠂ 《ᠮᠣᠩᠭᠤᠯ ᠵᠢᠭᠠᠨ ᠰᠤᠷᠭᠠᠯᠲᠠ + ᠰᠦᠯᠵᠢᠶ᠎ᠡ》 ᠬᠡᠯᠪᠡᠷᠢ᠎ᠶᠢ ᠠᠱᠢᠭᠯᠠᠵᠤ ᠱᠢᠯᠢᠳᠡᠭ ᠪᠠᠭᠱᠢ᠂ ᠱᠢᠯᠢᠳᠡᠭ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠬᠤᠷᠠᠮᠳᠤᠭᠤᠯᠤᠨ ᠴᠤᠭᠯᠠᠭᠤᠯᠵᠤ᠂ ᠮᠣᠩᠭᠤᠯ᠎ᠢᠶᠡᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠎ᠶᠢᠨ ᠰᠠᠭᠤᠷᠢ ᠰᠤᠷᠭᠠᠨ ᠬᠥᠮᠦᠵᠢᠯ᠎ᠳᠦ ᠦᠢᠯᠡᠴᠢᠯᠡᠬᠦᠯᠬᠦ᠎ᠶᠢ ᠵᠣᠷᠢᠭᠰᠠᠨᠶᠤᠮ᠃
ᠮᠣᠩᠭᠤᠯ ᠳᠤᠮᠳᠠᠳᠤ ᠪᠠᠭ᠎ᠠ ᠰᠤᠷᠭᠠᠭᠤᠯᠢ᠎ᠶᠢᠨ ᠤᠯᠤᠰ᠎ᠤᠨ ᠪᠠᠷᠢᠮᠵᠢᠶ᠎ᠠ ᠺᠤᠲᠲᠦ ᠡᠭᠦᠯᠡ ᠬᠢᠴᠢᠶᠡᠯ᠎ᠦᠨ ᠲᠠᠪᠴᠠᠩ᠎ᠨᠢ ᠲᠠᠪᠴᠠᠩ᠎ᠤᠨ ᠡᠭᠦᠳᠦᠯᠲᠡ᠂ ᠲᠠᠪᠴᠠᠩ᠎ᠤᠨ ᠬᠡᠷᠡᠭᠯᠡᠯᠲᠡ᠂ ᠲᠠᠪᠴᠠᠩ᠎ᠤᠨ ᠡᠵᠡᠩᠨᠡᠯᠲᠡ ᠵᠡᠷᠭᠡ ᠲᠠᠯ᠎ᠠ᠎ᠪᠠᠷ ᠪᠦᠷᠢᠯᠳᠦᠭᠰᠡᠨᠶᠤᠮ᠃
ᠡᠨᠡᠬᠦ ᠲᠥᠷᠦᠯ ᠵᠦᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨᠦ ᠰᠡᠭᠦᠯᠡᠷ ᠨᠡᠢᠭᠡᠮ ᠨᠡᠢᠲᠡ᠎ᠳᠦ ᠲᠦᠭᠡᠭᠡᠨ ᠬᠡᠷᠡᠭᠵᠢᠭᠦᠯᠵᠦ᠂ ᠨᠠᠢ᠍ᠮᠠᠨ ᠮᠤᠵᠢ ᠣᠷᠤᠨ᠎ᠤ ᠮᠣᠩᠭᠤᠯ᠎ᠢᠶᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠳᠤ ᠦᠢᠯᠡᠴᠢᠯᠡᠬᠦᠯᠬᠦ ᠪᠣᠯᠤᠨ᠎ᠠ᠃