2020 ᠣᠨ᠎ᠤ 12 ᠰᠠᠷ᠎ᠠ᠎ᠶᠢᠨ 22᠎ᠦᠨ ᠡᠳᠦᠷ᠂ ᠠᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠦᠨ ᠳ᠋ᠢᠭᠢᠲ ᠬᠡᠪᠯᠡᠯ᠎ᠤᠨ ᠦᠵᠡᠭᠦᠯᠭᠡ᠎ᠶᠢᠨ 2019 ~ 2020 ᠣᠨ᠎ᠤ ᠢᠷᠠᠭᠤ ᠠᠯᠳᠠᠷ᠎ᠦᠨ ᠣᠯᠭᠤᠬᠤ ᠶᠣᠰᠤᠯᠠᠯ ᠪᠡᠭᠡᠵᠢᠩ᠎ᠳᠤ ᠶᠠᠪᠤᠭᠳᠠᠪᠠ᠃ ᠳ᠋ᠢᠭᠢᠲ ᠬᠡᠪᠯᠡᠯ᠎ᠤᠨ ᠬᠥᠭᠵᠢᠯᠲᠡ᠎ᠶᠢᠨ ᠥᠯᠢᠭᠡᠷ ᠵᠢᠱ᠌ᠢᠶ᠎ᠡ᠎ᠶᠢ ᠪᠣᠢ ᠪᠣᠯᠭᠠᠵᠤ᠂ ᠳ᠋ᠢᠭᠢᠲ ᠬᠡᠪᠯᠡᠯ᠎ᠤᠨ ᠲᠡᠷᠢᠭᠦᠨ᠎ᠦ ᠨᠢᠭᠡᠴᠢ ᠪᠠ ᠲᠡᠷᠢᠭᠦᠨ᠎ᠦ ᠬᠤᠪᠢ ᠬᠥᠮᠦᠨ᠎ᠦ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠶᠢᠨ ᠲᠥᠯᠦᠭᠡ᠂ ᠲᠤᠰ ᠬᠤᠭᠤᠴᠠᠭᠠᠨ᠎ᠤ ᠳ᠋ᠢᠭᠢᠲ ᠬᠡᠪᠯᠡᠯ᠎ᠤᠨ ᠦᠵᠡᠭᠦᠯᠭᠡ᠎ᠨᠢ 《ᠳ᠋ᠢᠭᠢᠲ ᠬᠡᠪᠯᠡᠯ᠎ᠤᠨ ᠣᠨ᠎ᠤ ᠢᠷᠠᠭᠤ ᠠᠯᠳᠠᠷ ᠲᠠᠨᠢᠯᠴᠠᠭᠤᠯᠬᠤ》 ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠡᠢ᠃
ᠲᠤᠰ ᠤᠳᠠᠭᠠᠨ᠎ᠤ ᠲᠠᠨᠢᠯᠴᠠᠭᠤᠯᠬᠤ ᠬᠦᠷᠢᠶ᠎ᠡ ᠬᠡᠪᠴᠢᠶ᠎ᠡ᠎ᠨᠢ 2019 ~ 2020 ᠣᠨ᠎ᠤ ᠳ᠋ᠢᠭᠢᠲ ᠬᠡᠪᠯᠡᠯ᠎ᠤᠨ ᠬᠦᠷᠢᠶ᠎ᠡ ᠴᠠᠷᠠᠭᠠᠨ᠎ᠳᠠᠬᠢ ᠲᠣᠪᠤᠢᠮ᠎ᠠ ᠠᠮᠵᠢᠯᠲᠠ᠎ᠲᠠᠢ ᠠᠵᠤ ᠠᠬᠤᠢᠯᠠᠯ᠂ ᠬᠤᠪᠢ ᠬᠥᠮᠦᠨ᠂ ᠨᠡᠷᠡᠲᠦ ᠲᠡᠮᠳᠡᠭ᠂ ᠮᠡᠷᠭᠡᠵᠢᠯ᠎ᠢ ᠪᠠᠭᠲᠠᠭᠠᠵᠤ᠂ 《ᠨᠡᠢᠭᠡᠮ᠎ᠤᠨ ᠬᠠᠷᠢᠭᠤᠴᠠᠯᠭ᠎ᠠ᠎ᠶᠢᠨ ᠬᠤᠪᠢ ᠨᠡᠮᠡᠷᠢ ᠦᠵᠡᠭᠦᠯᠦᠭᠰᠡᠨ ᠨᠢᠭᠡᠴᠢ》 《ᠱᠢᠨ᠎ᠡ᠎ᠶᠢ ᠡᠭᠦᠳᠬᠦ ᠮᠡᠷᠭᠡᠵᠢᠯ》 《ᠱᠢᠯᠢᠳᠡᠭ ᠨᠡᠷᠡᠲᠦ ᠲᠡᠮᠳᠡᠭ》 《ᠱᠢᠯᠢᠳᠡᠭ ᠦᠢᠯᠡᠴᠢᠯᠡᠭᠡ ᠬᠠᠩᠭᠠᠭᠴᠢ》 《ᠨᠥᠯᠦᠭᠡᠯᠡᠬᠦ ᠬᠦᠴᠦᠨ ᠪᠦᠬᠦᠢ ᠬᠤᠪᠢ ᠬᠥᠮᠦᠨ》 《ᠱᠢᠯᠢᠳᠡᠭ ᠦᠵᠡᠭᠦᠯᠭᠡ》 《ᠱᠢᠯᠢᠳᠡᠭ ᠵᠣᠬᠢᠶᠠᠨ ᠪᠠᠢᠭᠤᠯᠤᠯᠲᠠ》 ᠭᠡᠬᠦ ᠳᠣᠯᠤᠭᠠᠨ ᠲᠥᠷᠦᠯ ᠵᠦᠢᠯ᠎ᠢ ᠪᠠᠭᠲᠠᠭᠠᠵᠠᠢ᠃
ᠥᠪᠦᠷ ᠮᠣᠩᠭᠤᠯ᠎ᠦᠨ ᠬᠡᠪᠯᠡᠯ᠎ᠤᠨ ᠪᠦᠯᠦᠭᠯᠡᠯ᠎ᠤᠨ DCR ᠮᠡᠷᠭᠡᠵᠢᠯ᠎ᠳᠤ ᠰᠠᠭᠤᠷᠢᠯᠠᠭᠰᠠᠨ ᠮᠣᠩᠭᠤᠯ PDF ᠺᠣᠳ᠋ ᠬᠥᠷᠪᠡᠭᠦᠯᠬᠦ ᠮᠡᠷᠭᠡᠵᠢᠯ᠎ᠨᠢ 2019 ~ 2020 ᠣᠨ᠎ᠦ ᠱᠢᠨ᠎ᠡ᠎ᠶᠢ ᠡᠭᠦᠳᠬᠦ ᠮᠡᠷᠭᠡᠵᠢᠯ᠎ᠤᠨ ᠴᠣᠯᠠ ᠬᠦᠷᠲᠡᠪᠡ᠃
ᠢᠨᠲᠧᠷ ᠰᠦᠯᠵᠢᠶᠡᠨ᠎ᠦ ᠮᠡᠷᠭᠡᠵᠢᠯ᠎ᠤᠨ ᠲᠦᠷᠭᠡᠨ ᠬᠥᠭᠵᠢᠯᠲᠡ ᠪᠠ ᠬᠡᠷᠡᠭᠯᠡᠯᠲᠡ᠎ᠶᠢ ᠳᠠᠭᠠᠯᠳᠤᠨ᠂ ᠠᠭᠤᠯᠭ᠎ᠠ᠎ᠶᠢᠨ ᠡᠬᠢ ᠪᠠᠶᠠᠯᠢᠭ᠎ᠲᠠᠬᠢ ᠬᠡᠷᠡᠭᠴᠡᠭᠡ ᠱᠠᠭᠠᠷᠳᠠᠯᠭ᠎ᠠ᠎ᠨᠢ ᠶᠠᠪᠤᠬᠤ ᠲᠤᠲᠤᠮ ᠪᠠᠴᠢᠮ ᠴᠢᠬᠤᠯᠠ ᠪᠣᠯᠵᠤ᠂ ᠡᠳᠡᠭᠡᠷ ᠡᠬᠢ ᠪᠠᠶᠠᠯᠢᠭ᠎ᠢ ᠬᠡᠷᠬᠢᠨ ᠰᠠᠢᠲᠤᠷ ᠠᠱᠢᠭᠯᠠᠬᠤ᠎ᠨᠢ ᠣᠳᠤᠬᠠᠨ᠎ᠤ ᠮᠣᠩᠭᠤᠯ ᠮᠡᠳᠡᠭᠡ ᠵᠠᠩᠭᠢᠵᠢᠯᠲᠠ᠎ᠶᠢᠨ ᠪᠠᠢᠭᠤᠯᠤᠯᠲᠠ ᠪᠠ ᠬᠡᠷᠡᠭᠯᠡᠯᠲᠡ᠎ᠶᠢᠨ ᠬᠦᠴᠢᠷᠳᠡᠯ ᠪᠣᠯᠬᠤ᠎ᠪᠠᠷ ᠪᠠᠷᠠᠬᠤ᠎ᠦᠭᠡᠢ᠂ ᠪᠠᠴᠢᠮ ᠱᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠤᠭᠰᠠᠨ ᠪᠠᠢᠨ᠎ᠠ᠃
ᠥᠪᠦᠷ ᠮᠣᠩᠭᠤᠯ᠎ᠦᠨ ᠬᠡᠪᠯᠡᠯ᠎ᠤᠨ ᠪᠦᠯᠦᠭᠯᠡᠯ ᠳ᠋ᠢᠭᠢᠲ ᠬᠡᠪᠯᠡᠯ ᠪᠠ ᠮᠡᠷᠭᠡᠵᠢᠯ᠎ᠤᠨ ᠱᠢᠨᠡᠴᠢᠯᠡᠯᠲᠡ᠎ᠶᠢ ᠠᠬᠢᠭᠤᠯᠬᠤ ᠵᠣᠷᠢᠯᠲᠠ᠎ᠪᠠᠨ ᠪᠠᠷᠢᠮᠲᠠᠯᠠᠵᠤ᠂ ᠺᠣᠳ᠋ ᠬᠥᠷᠪᠡᠭᠦᠯᠬᠦ᠎ᠡᠴᠡ ᠭᠠᠷᠳᠠᠨ ᠡᠳᠡᠭᠡᠷ ᠠᠰᠠᠭᠤᠳᠠᠯ᠎ᠢ ᠱᠢᠢᠳᠪᠦᠷᠢᠯᠡᠪᠡ᠃ ᠪᠣᠳᠠᠲᠤ ᠬᠡᠷᠡᠭᠯᠡᠭᠡᠨ᠎ᠦ ᠶᠠᠪᠤᠴᠠ᠎ᠳᠤ ᠨᠡᠢᠳᠡᠮ᠎ᠤᠨ ᠬᠡᠷᠡᠭᠯᠡᠭᠡᠨ᠎ᠦ ᠴᠢᠨᠠᠷ ᠪᠠ ᠨᠡᠯᠢᠶᠡᠳ ᠴᠢᠩᠭ᠎ᠠ ᠵᠣᠬᠢᠴᠠᠯᠳᠤᠬᠤ ᠴᠢᠨᠠᠷᠲᠠᠢ ᠪᠣᠯᠭᠠᠬᠤ᠎ᠶᠢᠨ ᠲᠥᠯᠦᠭᠡ᠂ ᠱᠢᠨ᠎ᠡ᠎ᠪᠡᠷ ᠡᠭᠦᠳᠦᠭᠰᠡᠨ DCR ᠮᠡᠷᠭᠡᠵᠢᠯ᠎ᠳᠤ ᠰᠠᠭᠤᠷᠢᠯᠠᠭᠰᠠᠨ PDF ᠺᠣᠳ᠋ ᠬᠥᠷᠪᠡᠭᠦᠯᠬᠦ ᠮᠡᠷᠭᠡᠵᠢᠯ᠎ᠢ ᠬᠡᠷᠡᠭᠯᠡᠭᠰᠡᠨ᠎ᠨᠢ᠂ ᠺᠣᠳ᠋ ᠬᠥᠷᠪᠡᠭᠦᠯᠬᠦ ᠣᠨᠤᠪᠴᠢᠲᠤ ᠴᠢᠨᠠᠷ᠎ᠢ ᠳᠡᠭᠡᠭᠱᠢᠯᠡᠭᠦᠯᠦᠭᠰᠡᠨᠢᠶᠡᠷ ᠪᠠᠷᠠᠬᠤ᠎ᠦᠭᠡᠢ᠂ ᠬᠥᠮᠦᠨ᠎ᠦ ᠬᠦᠴᠦ᠎ᠪᠡᠷ ᠬᠠᠷᠭᠤᠭᠤᠯᠬᠤ ᠠᠵᠢᠯ᠎ᠦᠨ ᠬᠡᠮᠵᠢᠶ᠎ᠡ᠎ᠶᠢ ᠠᠯᠢ ᠴᠢᠳᠠᠬᠤ᠎ᠪᠠᠷ ᠪᠠᠭᠤᠷᠠᠭᠤᠯᠤᠭᠰᠠᠨ ᠥᠷᠭᠡᠨ ᠬᠡᠮᠵᠢᠶ᠎ᠡ ᠪᠦᠬᠦᠢ ᠡᠬᠢ ᠪᠠᠶᠠᠯᠢᠭ᠎ᠦᠨ ᠺᠣᠳ᠋ ᠬᠥᠷᠪᠡᠭᠦᠯᠭᠡ᠎ᠶᠢᠨ ᠬᠠᠮᠤᠭ᠎ᠦᠨ ᠰᠠᠢᠨ ᠰᠣᠩᠭᠤᠯᠲᠠ ᠪᠣᠯᠤᠨ᠎ᠠ᠃
ᠲᠤᠰ ᠵᠦᠢᠯ᠎ᠤᠨ ᠱᠢᠨ᠎ᠡ᠎ᠶᠢ ᠡᠭᠦᠳᠬᠦ ᠮᠡᠷᠭᠡᠵᠢᠯ᠎ᠢ ᠡᠭᠦᠳᠬᠦ᠎ᠡᠴᠡ ᠡᠮᠦᠨ᠎ᠡ᠂ ᠮᠣᠩᠭᠤᠯ ᠮᠡᠳᠡᠭᠡ ᠵᠠᠩᠭᠢᠵᠢᠯᠲᠠ᠎ᠶᠢᠨ ᠪᠠᠢᠭᠤᠯᠤᠯᠲᠠ ᠪᠠ ᠬᠡᠷᠡᠭᠯᠡᠯᠲᠡ᠎ᠨᠢ ᠳᠠᠩ ᠴᠤᠯᠭᠤᠢ᠂ ᠠᠭᠤᠯᠭ᠎ᠠ᠎ᠶᠢ᠎ᠨᠢ ᠬᠠᠢᠬᠤ ᠠᠷᠭ᠎ᠠ᠎ᠦᠭᠡᠢ᠂ ᠺᠣᠫᠢᠳᠠᠨ ᠬᠡᠷᠡᠭᠯᠡᠬᠦ ᠠᠷᠭ᠎ᠠ᠎ᠦᠭᠡᠢ ᠮᠥᠷᠲᠡᠭᠡᠨ ᠱᠢᠯᠵᠢᠭᠡ ᠪᠠᠭᠠᠵᠢ᠎ᠳᠤ ᠬᠡᠷᠡᠭᠯᠡᠬᠦ ᠠᠷᠭ᠎ᠠ᠎ᠦᠭᠡᠢ ᠵᠡᠷᠭᠡ ᠠᠰᠠᠭᠤᠳᠠᠯ᠎ᠦᠨ ᠬᠢᠵᠠᠭᠠᠷᠯᠠᠯ᠎ᠡᠴᠡ ᠪᠣᠯᠵᠤ᠂ ᠮᠡᠳᠡᠭᠡ ᠵᠠᠩᠭᠢᠵᠢᠯᠲᠠ᠎ᠶᠢᠨ ᠠᠵᠢᠯ᠎ᠨᠢ ᠶᠡᠷᠦ᠎ᠡᠴᠡ ᠮᠤᠬᠤᠷᠳᠠᠯ᠎ᠦᠨ ᠪᠠᠢᠳᠠᠯ᠎ᠠᠴᠠ ᠭᠠᠷᠴᠤ ᠴᠢᠳᠠᠭᠰᠠᠨ᠎ᠦᠭᠡᠢ ᠪᠠᠢᠪᠠ᠃ ᠭᠡᠲᠡᠯ᠎ᠡ DCR ᠮᠡᠷᠭᠡᠵᠢᠯ᠎ᠦᠨ ᠬᠡᠷᠡᠭᠯᠡᠯᠲᠡ᠎ᠶᠢ ᠳᠠᠭᠠᠯᠳᠤᠨ᠂ ᠮᠠᠱᠢ ᠣᠯᠠᠨ ᠮᠣᠩᠭᠤᠯ PDF ᠹᠠᠢᠯ᠎ᠢ ᠦᠷ᠎ᠡ ᠪᠦᠲᠦᠮᠵᠢᠲᠡᠢ᠂ ᠣᠨᠤᠪᠴᠢᠲᠠᠢ᠎ᠪᠠᠷ ᠣᠯᠠᠨ ᠤᠯᠤᠰ᠎ᠦᠨ ᠪᠠᠷᠢᠮᠵᠢᠶᠠᠨ᠎ᠤ ᠺᠣᠳ᠋᠎ᠦᠨ PDF ᠹᠠᠢᠯ ᠪᠣᠯᠭᠠᠨ ᠬᠥᠷᠪᠡᠭᠦᠯᠵᠦ᠂ ᠪᠦᠲᠦᠴᠡᠲᠦ ᠪᠣᠯᠪᠠᠰᠤᠷᠠᠭᠤᠯᠤᠯᠲᠠ ᠬᠢᠬᠦ ᠪᠠ ᠮᠡᠳᠡᠯᠭᠡᠲᠦ ᠪᠣᠯᠪᠠᠰᠤᠷᠠᠭᠤᠯᠤᠯᠲᠠ ᠬᠢᠬᠦ᠎ᠳᠤ ᠵᠠᠮ ᠳᠡᠪᠢᠰᠴᠦ ᠥᠭᠭᠦᠭᠰᠡᠨ ᠪᠠᠢᠨ᠎ᠠ᠃
ᠲᠤᠰ ᠵᠦᠢᠯ᠎ᠤᠨ ᠺᠣᠳ᠋ ᠬᠥᠷᠪᠡᠭᠦᠯᠬᠦ ᠮᠡᠷᠭᠡᠵᠢᠯ᠎ᠨᠢ ᠬᠣᠶᠠᠷ ᠵᠦᠢᠯ᠎ᠤᠨ ᠰᠣᠹᠲᠸᠠᠢᠷᠦᠨ ᠵᠣᠬᠢᠶᠠᠨ ᠪᠦᠲᠦᠭᠡᠬᠦ ᠡᠷᠬᠡ᠎ᠶᠢᠨ ᠳᠠᠩᠰᠠᠯᠠᠭᠤᠯᠬᠤ ᠦᠨᠡᠮᠯᠡᠯ ᠣᠯᠵᠤ᠂ ᠮᠣᠩᠭᠤᠯ ᠬᠡᠪᠯᠡᠯ᠎ᠤᠨ ᠡᠬᠢ ᠪᠠᠶᠠᠯᠢᠭ᠎ᠦᠨ ᠳ᠋ᠢᠭᠢᠲᠴᠢᠯᠡᠬᠦ ᠶᠠᠪᠤᠴᠠ᠎ᠳᠤ ᠣᠷᠤᠯᠠᠭᠤᠯᠵᠤ ᠪᠣᠯᠤᠱᠢ᠎ᠦᠭᠡᠢ ᠦᠢᠯᠡᠳᠦᠯ ᠦᠵᠡᠭᠦᠯᠪᠡ᠃ ᠥᠪᠦᠷ ᠮᠣᠩᠭᠤᠯ᠎ᠦᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠤᠨ 《ᠮᠣᠩᠭᠤᠯ ᠦᠭᠡ ᠬᠡᠯᠡ ᠦᠰᠦᠭ ᠪᠢᠴᠢᠭ᠎ᠤᠨ ᠳ᠋ᠢᠭᠢᠲ ᠡᠬᠢ ᠪᠠᠶᠠᠯᠢᠭ᠎ᠦᠨ ᠪᠠᠢᠭᠤᠯᠤᠯᠲᠠ ᠬᠢᠭᠡᠳ ᠬᠠᠮᠲᠤ ᠡᠳ᠋ᠯᠡᠬᠦ ᠢᠨᠵᠧᠨᠧᠷᠢᠩ》 ᠤᠨ ᠲᠥᠷᠦᠯ ᠵᠦᠢᠯ᠎ᠦᠨ ᠡᠬᠢ ᠪᠠᠶᠠᠯᠢᠭ᠎ᠢ ᠪᠣᠯᠪᠠᠰᠤᠷᠠᠭᠤᠯᠬᠤ ᠶᠠᠪᠤᠴᠠ᠎ᠳᠤ᠂ ᠲᠤᠰ ᠮᠡᠷᠭᠡᠵᠢᠯ᠎ᠤᠨ ᠦᠷ᠎ᠡ ᠪᠦᠲᠦᠭᠡᠯ᠎ᠢ ᠬᠡᠷᠡᠭᠯᠡᠨ 7000 ᠭᠠᠷᠤᠢ ᠵᠦᠢᠯ᠎ᠤᠨ ᠨᠣᠮ ᠪᠢᠴᠢᠭ᠎ᠦᠨ ᠡᠬᠢ ᠪᠠᠶᠠᠯᠢᠭ᠎ᠢ ᠪᠣᠯᠪᠠᠰᠤᠷᠠᠭᠤᠯᠬᠤ ᠠᠵᠢᠯ᠎ᠢ ᠪᠡᠶᠡᠯᠡᠭᠦᠯᠵᠦ᠂ ᠦᠯᠡᠳᠡᠭᠳᠡᠵᠦ ᠪᠠᠢᠭ᠎ᠠ ᠡᠬᠢ ᠪᠠᠶᠠᠯᠢᠭ᠎ᠦᠨ ᠳ᠋ᠢᠭᠢᠲᠴᠢᠯᠡᠨ ᠪᠣᠯᠪᠠᠰᠤᠷᠠᠭᠤᠯᠬᠤ ᠵᠢᠴᠢ ᠲᠥᠷᠦᠯ ᠵᠦᠢᠯ᠎ᠢ ᠤᠷᠤᠭᠱᠢᠲᠠᠢ ᠶᠠᠪᠤᠭᠳᠠᠭᠤᠯᠬᠤ᠎ᠳᠤ ᠴᠢᠩᠭ᠎ᠠ ᠬᠦᠴᠦᠨ ᠪᠦᠬᠦᠢ ᠮᠡᠷᠭᠡᠵᠢᠯ᠎ᠤᠨ ᠪᠠᠲᠤᠯᠠᠭ᠎ᠠ ᠬᠠᠩᠭᠠᠵᠠᠢ᠃