ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠴᠢᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠬᠣᠶᠠᠳᠤᠭᠠᠷ ᠤᠳᠠᠭᠠᠨ᠎ᠤ ᠬᠤᠷᠠᠯ ᠠᠮᠵᠢᠯᠲᠠ᠎ᠲᠠᠢ ᠬᠤᠷᠠᠯᠳᠤᠪᠠ
2021.03.02

  3 ᠰᠠᠷ᠎ᠠ᠎ᠶᠢᠨ 2᠎ᠦᠨ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠴᠢᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠬᠣᠶᠠᠳᠤᠭᠠᠷ ᠤᠳᠠᠭᠠᠨ᠎ᠤ ᠬᠤᠷᠠᠯ ᠬᠤᠷᠠᠯᠳᠤᠵᠤ᠂ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ ᠵᠢᠴᠢ ᠬᠠᠷᠢᠶ᠎ᠠ ᠪᠠᠢᠭᠤᠯᠭ᠎ᠠ᠎ᠶᠢᠨ ᠬᠥᠬᠡᠬᠤᠲᠠ᠎ᠳᠤ ᠪᠠᠢᠭ᠎ᠠ ᠪᠠᠢᠭᠤᠯᠭ᠎ᠠ ᠨᠢᠭᠡᠴᠢ᠎ᠶᠢᠨ ᠠᠵᠢᠯᠴᠢᠳ᠎ᠤᠨ ᠲᠥᠯᠦᠭᠡᠯᠡᠭᠴᠢᠳ ᠭᠣᠤᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠵᠤ᠂ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠨᠢ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠪᠠ᠂ ᠬᠡᠪᠯᠡᠯ᠎ᠦᠨ ᠪᠦᠯᠦᠭᠯᠡᠯ᠎ᠦᠨ ᠲᠥᠯᠦᠭᠡᠯᠡᠭᠴᠢ ᠪᠤᠰᠤ ᠤᠳᠤᠷᠢᠳᠭᠤ ᠪᠠᠭ ᠪᠣᠯᠤᠨ ᠬᠠᠷᠢᠶ᠎ᠠ ᠪᠠᠢᠭᠤᠯᠭ᠎ᠠ ᠨᠢᠭᠡᠴᠢ᠎ᠶᠢᠨ ᠲᠥᠯᠦᠭᠡᠯᠡᠭᠴᠢ ᠪᠤᠰᠤ ᠤᠳᠤᠷᠢᠳᠭᠤ ᠪᠠᠭ᠎ᠤᠨ ᠬᠢᠨ ᠬᠤᠷᠠᠯ᠎ᠳᠤ ᠰᠠᠭᠠᠲᠠᠪᠠ᠃ ᠬᠢᠵᠢᠭ᠎ᠦᠨ ᠬᠡᠪ᠎ᠦᠨ ᠪᠠᠢᠳᠠᠯ᠎ᠤᠨ ᠱᠠᠭᠠᠷᠳᠠᠯᠭ᠎ᠠ᠎ᠶᠢ ᠦᠨᠳᠦᠰᠦᠯᠡᠨ ᠲᠤᠰ ᠤᠳᠠᠭᠠᠨ᠎ᠤ ᠬᠤᠷᠠᠯ᠎ᠢ ᠭᠣᠤᠯ ᠬᠤᠷᠠᠯ᠎ᠤᠨ ᠲᠠᠯᠠᠪᠠᠢ ᠪᠠ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ ᠬᠤᠪᠢᠶᠠᠵᠤ ᠸᠢᠳᠢᠣ᠋ ᠬᠤᠷᠠᠯ᠎ᠤᠨ ᠬᠡᠯᠪᠡᠷᠢ᠎ᠪᠡᠷ ᠬᠤᠷᠠᠯᠳᠤᠭᠤᠯᠪᠠ᠂ ᠬᠤᠷᠠᠯ᠎ᠢ ᠠᠵᠢᠯᠲᠠᠨ᠎ᠤ ᠡᠪᠯᠡᠯ᠎ᠦᠨ ᠣᠷᠤᠯᠠᠭᠴᠢ ᠲᠡᠷᠢᠭᠦᠯᠡᠭᠴᠢ ᠬᠤᠸᠠᠩ ᠲᠤᠤ ᠬᠥᠲᠦᠯᠪᠡ

 

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠲᠠᠷᠤᠭ᠎ᠠ ᠱᠤᠸᠠᠩ ᠯᠦᠩ
ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ ᠱᠦᠵᠢ ᠶᠡᠷᠦᠩᠬᠡᠢ ᠳᠠᠭᠠᠭᠠᠮᠠᠯ ᠽᠧᠩ ᠬᠠᠨ

  ᠬᠤᠷᠠᠯ ᠳᠡᠭᠡᠷ᠎ᠡ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ ᠡᠯ᠎ᠡ ᠲᠥᠯᠦᠭᠡᠯᠡᠭᠴᠢᠳ᠎ᠲᠦ ᠬᠡᠪᠯᠡᠯ᠎ᠦᠨ ᠪᠦᠯᠦᠭᠯᠡᠯ᠎ᠦᠨ 2020 ᠣᠨ᠎ᠤ ᠡᠳ᠋᠎ᠦᠨ ᠵᠠᠰᠠᠭ᠎ᠤᠨ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠂ ᠬᠠᠷᠢᠭᠤ ᠮᠡᠳᠡᠭᠦᠯᠦᠯᠲᠡ᠎ᠨᠢ ᠲᠥᠪ᠎ᠦᠨ 《ᠨᠠᠢ᠍ᠮᠠᠨ ᠲᠣᠭᠲᠠᠭᠠᠯ》᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠤᠨ᠎ᠤ 28 ᠲᠥᠷᠦᠯ᠎ᠦᠨ ᠢᠵᠢ ᠪᠦᠷᠢᠳᠦᠭᠰᠡᠨ ᠳᠦᠷᠢᠮ ᠵᠡᠷᠭᠡ ᠳᠦᠷᠢᠮ ᠲᠣᠭᠲᠠᠭᠠᠯ᠎ᠢᠶᠠᠷ ᠵᠢᠯᠤᠭᠤᠳᠤᠯᠭ᠎ᠠ ᠪᠣᠯᠭᠠᠵᠤ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠲᠥᠪ᠎ᠦᠨ ᠪᠠ ᠪᠦᠬᠦ ᠣᠷᠤᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ 2020 ᠣᠨ᠎ᠳᠤ ᠬᠡᠪᠯᠡᠯ᠎ᠦᠨ ᠪᠦᠯᠦᠭᠯᠡᠯ᠎ᠦᠨ ᠡᠵᠡᠩᠨᠡᠯᠲᠡ᠎ᠶᠢᠨ ᠪᠠᠢᠳᠠᠯ ᠶᠡᠷᠦᠩᠬᠡᠢ᠎ᠳᠦ᠎ᠪᠡᠨ ᠨᠡᠯᠢᠶᠡᠳ ᠰᠠᠢᠨ ᠪᠠᠢᠵᠤ᠂ ᠲᠣᠭᠲᠠᠭᠤᠨ᠎ᠢᠶᠡᠷ ᠤᠷᠤᠭᠰᠢᠯᠠᠭᠰᠠᠨ ᠪᠠᠢᠳᠠᠯ᠎ᠢᠶᠠᠨ ᠪᠠᠲᠤᠯᠠᠵᠤ᠂ ᠡᠵᠡᠩᠨᠡᠯᠲᠡ᠎ᠶᠢᠨ ᠦᠷ᠎ᠡ ᠪᠦᠲᠦᠮᠵᠢ᠎ᠨᠢ ᠳᠣᠪᠤᠢᠮ᠎ᠠ᠂ ᠥᠪᠡᠷᠲᠡᠭᠡᠨ ᠵᠠᠰᠠᠬᠤ ᠣᠷᠤᠨ᠎ᠤ ᠤᠬᠠᠭᠤᠯᠬᠤ ᠬᠡᠯᠲᠡᠰ᠎ᠦᠨ ᠨᠠᠢᠳᠠᠭᠰᠠᠨ ᠡᠯ᠎ᠡ ᠲᠥᠷᠦᠯ᠎ᠦᠨ ᠠᠵᠤ ᠠᠬᠤᠢ᠎ᠶᠢᠨ ᠨᠤᠷᠮ᠎ᠠ᠎ᠶᠢ ᠳᠠᠪᠠᠭᠤᠯᠤᠨ ᠪᠡᠶᠡᠯᠡᠭᠦᠯᠪᠡ ᠬᠡᠵᠤ ᠳ᠋ᠦᠩᠨᠡᠨ ᠡᠷᠭᠢᠴᠡᠭᠦᠯᠪᠡ᠃ 

  ᠬᠤᠷᠠᠯ᠎ᠳᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 《ᠳᠠᠶᠠᠩ》 ᠳ᠋ᠢᠭᠢᠲ ᠪᠥᠲᠦᠭᠳᠦᠬᠦᠨ᠎ᠦ ᠪᠦᠲᠦᠭᠡᠨ ᠪᠠᠢᠭᠤᠯᠤᠯᠲᠠ᠎ᠶᠢᠨ ᠲᠤᠬᠠᠢ ᠪᠠᠢᠳᠠᠯ᠎ᠢ ᠮᠡᠳᠡᠭᠳᠡᠵᠤ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠲᠠᠪᠴᠠᠩ᠎ᠤᠨ ᠲᠠᠨᠢᠯᠴᠠᠭᠤᠯᠭ᠎ᠠ᠎ᠲᠠᠢ ᠤᠶᠠᠯᠳᠤᠭᠤᠯᠤᠨ ᠲᠠᠪᠴᠠᠩ᠎ᠤᠨ ᠬᠡᠷᠡᠭᠯᠡᠯᠲᠡ᠂ ᠡᠬᠢ ᠪᠠᠶᠠᠯᠢᠭ᠎ᠤᠨ ᠪᠦᠲᠦᠭᠡᠨ ᠪᠠᠢᠭᠤᠯᠤᠯᠲᠠ᠂ ᠮᠡᠳᠡᠯᠭᠡ᠎ᠶᠢᠨ ᠥᠮᠴᠢ᠎ᠶᠢᠨ ᠡᠷᠬᠡ ᠵᠡᠷᠭᠡ ᠬᠡᠳᠦᠨ ᠲᠠᠯ᠎ᠠ᠎ᠪᠠᠷ ᠬᠣᠯᠪᠤᠭᠳᠠᠯ ᠪᠦᠬᠦᠢ ᠱᠠᠭᠠᠷᠳᠠᠯᠭ᠎ᠠ ᠳᠤᠷᠠᠳᠪᠠ᠃

  ᠬᠤᠷᠠᠯ ᠳᠡᠭᠡᠷ᠎ᠡ ᠪᠠᠰᠠ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠤ ᠦᠢᠯᠡᠰ ᠪᠠ ᠠᠵᠤ ᠠᠬᠤᠢᠯᠠᠯ᠎ᠢ ᠰᠠᠯᠭᠠᠬᠤ ᠥᠭᠡᠷᠡᠴᠢᠯᠡᠯᠲᠡ ᠵᠢᠴᠢ ᠥᠪᠦᠷ ᠮᠣᠩᠭᠤᠯ᠎ᠤᠨ ᠬᠡᠪᠯᠡᠯ᠎ᠦᠨ ᠶᠡᠷᠦᠩᠬᠡᠢ ᠬᠣᠷᠢᠶ᠎ᠠ᠎ᠶᠢ ᠪᠦᠲᠦᠭᠡᠨ ᠪᠠᠢᠭᠤᠯᠬᠤ ᠲᠥᠰᠦᠯ (ᠡᠬᠡ ᠨᠣᠤᠷᠠᠭ) 》᠎ᠢ ᠮᠡᠳᠡᠭᠳᠡᠵᠦ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠠᠷᠢᠶ᠎ᠠ ᠡᠯ᠎ᠡ ᠪᠠᠢᠭᠤᠯᠭ᠎ᠠ᠎ᠶᠢᠨ ᠤᠳᠤᠷᠢᠳᠭᠤ ᠪᠠᠭ ᠵᠢᠴᠢ ᠶᠡᠷᠦᠩᠬᠡᠢ ᠬᠡᠯᠲᠡᠰ᠎ᠦᠨ ᠡᠯ᠎ᠡ ᠲᠠᠰᠤᠭ᠎ᠤᠨ ᠬᠠᠷᠢᠭᠤᠴᠠᠯᠭᠠᠲᠠᠨ᠎ᠤ 《2020 ᠣᠨ᠎ᠤ ᠠᠵᠢᠯ᠎ᠤᠨ ᠬᠢᠨᠠᠨ ᠪᠠᠢᠴᠠᠭᠠᠯᠲᠠ᠎ᠶᠢᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠢ ᠨᠥᠬᠦᠪᠦᠷᠢ ᠳᠦᠷᠢᠮ》᠂ 《ᠥᠪᠦᠷ ᠮᠣᠩᠭᠤᠯ᠎ᠤᠨ ᠠᠰᠢᠳᠠ ᠰᠤᠷᠭᠠᠨ ᠬᠥᠮᠦᠵᠢᠯ᠎ᠦᠨ ᠬᠡᠪᠯᠡᠬᠦ ᠪᠦᠷᠢᠨ ᠪᠤᠰᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠭᠠᠵᠠᠷ ᠬᠤᠳᠠᠯᠳᠤᠨ ᠠᠪᠬᠤ ᠪᠠ ᠨᠡᠭᠦᠯᠭᠡᠬᠦ ᠲᠤᠬᠠᠢ ᠠᠰᠠᠭᠤᠳᠠᠯ》 ᠵᠡᠷᠭᠡ ᠬᠣᠶᠠᠷ ᠲᠥᠷᠦᠯ᠎ᠢ ᠬᠢᠨᠠᠨ ᠬᠡᠯᠡᠯᠴᠡᠬᠦ ᠶᠠᠪᠤᠳᠠᠯ᠎ᠢᠶᠡᠨ ᠬᠤᠷᠠᠯ᠎ᠳᠤ ᠲᠤᠰᠢᠶᠠᠪᠠ᠃ ᠬᠣᠶᠠᠷ ᠲᠥᠷᠦᠯ᠎ᠦᠨ ᠬᠢᠨᠠᠨ ᠬᠡᠯᠡᠯᠴᠡᠬᠦ ᠠᠰᠠᠭᠤᠳᠠᠯ᠎ᠢ ᠭᠣᠤᠯ ᠪᠠ ᠬᠤᠪᠢᠶᠠᠷᠢ ᠲᠠᠯᠠᠪᠠᠢ᠎ᠶᠢᠨ ᠠᠵᠢᠯᠴᠢᠳ᠎ᠤᠨ ᠲᠥᠯᠦᠭᠡᠯᠡᠭᠴᠢᠳ ᠭᠦᠢᠴᠡᠳ ᠶᠠᠷᠢᠯᠴᠠᠭᠰᠠᠨ ᠰᠠᠭᠤᠷᠢᠨ᠎ᠳᠤ ᠭᠠᠷ ᠡᠷᠭᠦᠨ ᠬᠢᠨᠠᠨ ᠪᠠᠳᠤᠯᠠᠪᠠ᠃ 

  ᠠᠵᠢᠯᠴᠢᠳ᠎ᠤᠨ ᠡᠪᠯᠡᠯ᠎ᠦᠨ ᠬᠤᠷᠠᠯ᠎ᠨᠢ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠣᠤᠷᠠᠬᠢ ᠠᠵᠢᠯᠴᠢᠳ᠎ᠲᠤ ᠠᠷᠠᠳᠴᠢᠯᠠᠯ᠎ᠤᠨ ᠡᠷᠬᠡ ᠬᠡᠷᠡᠭᠵᠢᠭᠦᠯᠬᠦ᠂ ᠣᠷᠤᠯᠴᠠᠬᠤ ᠪᠠ ᠬᠢᠨᠠᠨ ᠰᠢᠯᠭᠠᠬᠤ ᠦᠨᠳᠦᠰᠦᠨ ᠬᠡᠯᠪᠡᠷᠢ ᠪᠣᠯᠤᠭᠰᠠᠨ᠎ᠤ ᠬᠤᠪᠢ᠎ᠳᠤ ᠨᠡᠢᠭᠡᠮ ᠵᠢᠷᠤᠮ᠎ᠤᠨ ᠠᠷᠠᠳᠴᠢᠯᠠᠯ᠎ᠤᠨ ᠡᠭᠦᠷᠭᠡ᠎ᠪᠡᠨ ᠪᠦᠷᠢᠨ ᠭᠦᠢᠴᠡᠳ ᠪᠠᠳᠠᠷᠠᠭᠤᠯᠵᠤ᠂ ᠬᠠᠤᠯᠢ ᠳᠦᠷᠢᠮ᠎ᠦᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠩᠭᠠᠳᠭᠠᠵᠤ᠂ ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠡᠵᠡᠨ ᠬᠥᠮᠦᠨ᠎ᠦ ᠵᠣᠷᠢᠭ ᠰᠠᠨᠠᠭ᠎ᠠ᠎ᠶᠢ ᠪᠦᠷᠢᠨ ᠭᠦᠢᠴᠡᠳ ᠵᠣᠷᠢᠭᠵᠢᠭᠤᠯᠵᠤ᠂ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠬᠥᠭᠵᠢᠯᠲᠡ᠎ᠶᠢ ᠠᠯᠬᠤᠮ ᠳᠠᠷᠠᠭ᠎ᠠ᠎ᠲᠠᠢ᠎ᠪᠠᠷ ᠲᠦᠯᠬᠢᠨ ᠠᠬᠢᠭᠤᠯᠵᠤ᠂ ᠡᠯ᠎ᠡ ᠵᠦᠢᠯ᠎ᠦᠨ ᠡᠷᠬᠡ ᠲᠤᠰᠢᠶᠠᠯ᠎ᠤᠨ ᠢᠳᠡᠪᠬᠢᠲᠡᠢ᠎ᠪᠡᠷ ᠬᠡᠷᠡᠭᠵᠢᠭᠦᠯᠬᠦ᠎ᠶᠢ ᠯᠠᠪᠳᠠᠭᠤᠨ᠎ᠢᠶᠠᠷ ᠪᠡᠶᠡᠯᠡᠭᠦᠯᠵᠦ ᠪᠣᠢ᠃

ᠬᠡᠪᠯᠡᠯ᠎ᠦᠨ ᠪᠦᠯᠦᠭᠯᠡᠯ᠎ᠦᠨ ᠠᠵᠢᠯᠲᠠᠨ᠎ᠤ ᠡᠪᠯᠡᠯ᠎ᠦᠨ ᠣᠷᠤᠯᠠᠭᠴᠢ ᠲᠡᠷᠢᠭᠦᠯᠡᠭᠴᠢ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠶᠡᠷᠦᠩᠬᠡᠢᠯᠡᠭᠰᠡᠨ ᠠᠵᠢᠯ ᠦᠢᠯᠡᠰ᠎ᠦᠨ ᠬᠡᠯᠲᠡᠰ᠎ᠦᠨ ᠡᠷᠬᠢᠯᠡᠭᠴᠢ ᠬᠤᠸᠠᠩ ᠲᠤᠤ

  ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠡᠪᠯᠡᠯ᠎ᠦᠨ ᠭᠡᠰᠢᠭᠦᠨ᠎ᠦ ᠨᠠᠢᠳᠠᠯᠭ᠎ᠠ᠎ᠪᠠᠷ ᠬᠤᠸᠠᠩ ᠲᠤᠤ᠂ ᠡᠯ᠎ᠡ ᠲᠥᠯᠦᠭᠡᠯᠡᠭᠴᠢᠳ᠎ᠲᠦ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠡᠪᠯᠡᠯ᠎ᠦᠨ ᠭᠡᠰᠢᠭᠦᠳ᠎ᠦᠨ ᠬᠤᠷᠠᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠃ ᠬᠠᠷᠢᠭᠤ ᠮᠡᠳᠡᠭᠦᠯᠦᠯᠲᠡ᠎ᠨᠢ ᠱ᠋ᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠᠨ ᠶᠢᠰᠦᠳᠦᠭᠡᠷ ᠬᠤᠷᠠᠯ᠂ ᠠᠷᠪᠠᠨ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠎ᠠ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠡᠪᠯᠡᠯ᠎ᠦᠨ 2020 ᠣᠨ᠎ᠤ ᠠᠵᠢᠯ᠎ᠢ ᠳ᠋ᠦᠩᠨᠡᠵᠦ᠂ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ᠂ ᠠᠵᠤ ᠠᠬᠤᠢᠯᠠᠯ᠎ᠤᠨ ᠰᠣᠶᠤᠯ᠎ᠢ ᠪᠦᠲᠦᠭᠡᠨ ᠪᠠᠢᠭᠤᠯᠬᠤ ᠵᠡᠷᠭᠡ ᠣᠯᠠᠨ ᠲᠠᠯ᠎ᠠ᠎ᠪᠠᠷ ᠬᠢ ᠱᠢᠨ᠎ᠡ ᠵᠢᠯ᠎ᠦᠨ ᠠᠵᠢᠯ᠎ᠤᠨ ᠰᠡᠳᠭᠢᠮᠵᠢ᠎ᠪᠡᠨ ᠳᠤᠷᠠᠳᠤᠨ ᠭᠠᠷᠭᠠᠵᠠᠢ᠃  

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604