ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱᠢᠯᠭ᠎ᠠ᠎ᠶᠢᠨ ᠤᠷᠤᠯᠳᠤᠭᠠᠨ ᠵᠢᠴᠢ 2020 ~ 2021 ᠣᠨ᠎ᠤ 《ᠬᠣᠶᠠᠷ ᠱᠢᠯᠢᠳᠡᠭ ᠨᠢᠭᠡ ᠬᠣᠱᠢᠭᠤᠴᠢ》᠎ᠶᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠡᠷᠬᠢᠯᠡᠪᠡ
2021.07.28

  2021 ᠣᠨ᠎ᠤ 6᠎ᠳᠤᠭᠠᠷ ᠰᠠᠷ᠎ᠠ᠎ᠶᠢᠨ 26᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠦᠢᠯᠡᠰ ᠪᠠᠭᠤᠳᠠᠯ᠎ᠳᠤ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱᠢᠯᠭ᠎ᠠ᠎ᠶᠢᠨ ᠤᠷᠤᠯᠳᠤᠭᠠᠨ ᠵᠢᠴᠢ 2020 ~ 2021 ᠣᠨ᠎ᠤ 《ᠬᠣᠶᠠᠷ ᠱᠢᠯᠢᠳᠡᠭ ᠨᠢᠭᠡ ᠬᠣᠱᠢᠭᠤᠴᠢ》᠎ᠶᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠡᠷᠬᠢᠯᠡᠪᠡ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ᠂ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠹᠦ᠂ ᠨᠠᠮ᠎ᠤᠨ ᠬᠣᠷᠢᠶ᠎ᠠ᠎ᠶᠢᠨ ᠭᠡᠱᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ᠂ ᠳᠡᠳ᠋ ᠶᠡᠷᠦᠩᠬᠡᠢ ᠳᠠᠭᠠᠭᠠᠮᠠᠯ ᠸᠠᠩ ᠱᠢᠶᠣᠣ ᠯᠢᠩ᠂ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠬᠤᠸᠠᠩ ᠲᠤᠤ᠂ ᠶᠡᠷᠦᠩᠬᠡᠢ ᠳᠠᠭᠠᠭᠠᠮᠠᠯ᠎ᠤᠨ ᠲᠤᠰᠠᠯᠠᠭᠴᠢ ᠪᠠᠢ ᠢᠦᠢ ᠹᠧᠩ ᠵᠡᠷᠭᠡ ᠤᠳᠤᠷᠢᠳᠤᠯᠭ᠎ᠠ ᠬᠤᠷᠠᠯ᠎ᠳᠤ ᠣᠷᠤᠯᠴᠠᠪᠠ᠃

 

  ᠨᠠᠮ᠎ᠤᠨ ᠵᠠᠭᠤᠨ ᠵᠢᠯ᠎ᠦᠨ ᠣᠢ᠎ᠶᠢᠨ ᠪᠠᠶᠠᠷ ᠬᠦᠷᠴᠦ ᠢᠷᠡᠬᠦ ᠲᠠᠱᠢᠷᠠᠮ᠎ᠳᠤ᠂ ᠶᠡᠷᠦᠩᠬᠡᠢ ᠱᠦᠵᠢ ᠱ᠋ᠢ᠎ᠵᠢᠨ ᠫᠢᠩ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠳᠠᠢᠴᠢᠯᠠᠯᠲᠠ᠎ᠶᠢᠨ ᠶᠡᠬᠡ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠪᠠ 《ᠳᠥᠷᠪᠡᠨ ᠲᠡᠦᠬᠡ》᠎ᠶᠢᠨ ᠰᠤᠷᠤᠯᠴᠠᠯᠭ᠎ᠠ᠎ᠶᠢᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠥᠪᠡᠳᠡᠭᠱᠢ ᠶᠡᠬᠡ᠎ᠪᠡᠷ ᠪᠠᠶᠠᠷᠯᠠᠨ ᠪᠡᠯᠭᠡᠯᠡᠵᠦ᠂ ᠣᠯᠠᠨ ᠲᠦᠮᠡᠨᠴᠢ ᠴᠢᠨᠠᠷᠲᠠᠢ ᠭᠣᠤᠯ ᠰᠡᠳᠦᠪᠲᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠭᠡᠨ ᠳᠡᠯᠭᠡᠷ ᠥᠷᠨᠢᠭᠦᠯᠦᠨ᠂ ᠪᠦᠬᠦ ᠺᠠᠳ᠋ᠷ ᠠᠵᠢᠯᠲᠠᠨ᠎ᠤ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠤᠷᠮ᠎ᠠ ᠰᠡᠳᠭᠢᠯᠭᠡ᠎ᠶᠢ ᠤᠯᠠᠮ ᠨᠢᠭᠡ ᠠᠯᠬᠤᠮ ᠬᠥᠭᠵᠢᠭᠡᠬᠦ᠎ᠶᠢᠨ ᠲᠥᠯᠦᠭᠡ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱᠢᠯᠭ᠎ᠠ᠎ᠶᠢᠨ ᠤᠷᠤᠯᠳᠤᠭᠠᠨ ᠥᠷᠨᠢᠭᠦᠯᠵᠦ᠂ ᠠᠭᠤᠤ ᠨᠠᠮ᠎ᠳᠤ᠎ᠪᠠᠨ ᠬᠠᠮᠤᠭ᠎ᠤᠨ ᠴᠢᠩ ᠦᠨᠡᠨᠴᠢ ᠵᠥᠩᠨᠡᠯ᠎ᠢᠶᠡᠨ ᠳᠡᠪᠱᠢᠭᠦᠯᠪᠡ᠃ 13 ᠪᠠᠢᠭᠤᠯᠭ᠎ᠠ᠎ᠶᠢᠨ ᠲᠥᠯᠦᠭᠡᠯᠡᠭᠴᠢ ᠳᠡᠰ ᠳᠠᠷᠠᠭ᠎ᠠ ᠶᠣᠰᠤᠭᠠᠷ ᠲᠠᠢᠰᠠᠨ᠎ᠳᠤ ᠭᠠᠷᠴᠤ᠂ ᠴᠣᠭ ᠪᠠᠳᠠᠷᠠᠩᠭᠤᠢ ᠪᠥᠭᠡᠳ ᠬᠥᠷ ᠬᠥᠭᠵᠢᠶᠡᠨᠲᠡᠢ ᠠᠭᠤᠷ ᠠᠮᠢᠰᠭᠤᠯ᠎ᠤᠨ ᠳᠤᠮᠳᠠ᠂ ᠴᠢᠩ ᠦᠨᠡᠨᠴᠢ ᠣᠷᠭᠢᠯᠤᠮ᠎ᠠ ᠪᠠᠬᠠᠳᠤᠮ᠎ᠠ ᠤᠷᠮ᠎ᠠ ᠰᠡᠳᠭᠢᠯᠭᠡ᠎ᠪᠡᠷ᠂ ᠭᠣᠤᠯ ᠰᠡᠳᠦᠪ ᠢᠯᠡ ᠲᠣᠳᠤ ᠪᠥᠭᠡᠳ ᠢᠲᠡᠭᠡᠭᠦᠯᠬᠦ ᠬᠦᠴᠦᠨ᠎ᠲᠡᠢ ᠢᠷᠠᠭᠤ ᠭᠣᠴᠤ᠂ ᠡᠷᠡᠯᠬᠡᠭ ᠵᠢᠪᠬᠤᠭᠠᠲᠤ ᠬᠤᠪᠢᠰᠭᠠᠯᠲᠤ ᠪᠦᠲᠦᠭᠡᠯ᠎ᠢᠶᠡᠷ᠎ᠢᠶᠡᠨ ᠨᠠᠮ ᠪᠠ ᠡᠬᠡ ᠤᠯᠤᠰ᠎ᠲᠤ᠎ᠪᠠᠨ ᠪᠠᠶᠠᠷᠯᠠᠨ ᠲᠠᠯᠠᠷᠬᠠᠵᠤ ᠪᠠᠢᠭ᠎ᠠ ᠰᠡᠳᠭᠢᠯᠭᠡ᠎ᠪᠡᠨ ᠢᠯᠡᠳᠭᠡᠭᠰᠡᠨ᠎ᠢᠶᠡᠷ ᠪᠠᠷᠠᠬᠤ᠎ᠦᠭᠡᠢ᠂ ᠱᠢᠨ᠎ᠡ ᠴᠠᠭ ᠦᠶ᠎ᠡ᠎ᠶᠢᠨ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠣᠮᠤᠭ ᠵᠣᠷᠢᠭ᠎ᠢᠶᠠᠨ ᠡᠷᠴᠢᠯᠡᠨ ᠴᠢᠷᠮᠠᠢᠨ ᠠᠵᠢᠯᠯᠠᠵᠤ᠂ ᠣᠷᠭᠢᠯᠤᠮ᠎ᠠ ᠪᠠᠬᠠᠳᠤᠮ᠎ᠠ ᠰᠡᠳᠭᠢᠯᠭᠡ᠎ᠪᠡᠷ ᠤᠷᠤᠭᠱᠢᠯᠠᠨ ᠳᠠᠪᠱᠢᠬᠤ ᠵᠣᠷᠢᠭ ᠰᠠᠨᠠᠭᠠᠨ᠎ᠤ ᠳᠦᠷᠢ ᠪᠠᠢᠳᠠᠯ᠎ᠢ ᠢᠯᠡᠷᠡᠭᠦᠯᠦᠭᠰᠡᠨ ᠪᠠᠢᠨ᠎ᠠ᠃

  ᠬᠦᠴᠢᠷ ᠪᠡᠷᠬᠡ᠎ᠶᠢ ᠲᠤᠭᠤᠯᠬᠤ ᠶᠠᠪᠤᠴᠠ᠎ᠳᠤ ᠣᠮᠤᠭ ᠵᠣᠷᠢᠭ᠎ᠢᠶᠠᠨ ᠳᠠᠪᠲᠠᠭᠤᠯᠵᠤ᠂ ᠠᠮᠵᠢᠯᠲᠠ ᠪᠦᠲᠦᠮᠵᠢ᠎ᠪᠡᠨ ᠡᠷᠭᠢᠴᠡᠭᠦᠯᠦᠨ ᠠᠵᠢᠯ ᠦᠢᠯᠡᠰ᠎ᠲᠦ᠎ᠪᠡᠨ ᠡᠷᠡᠮᠡᠬᠡᠢᠯᠡᠨ᠎ᠡ᠃ ᠡᠳᠡᠭᠡᠷ ᠰᠣᠩᠭᠤᠳᠠᠭ ᠪᠦᠲᠦᠭᠡᠯ᠎ᠨᠢ ᠨᠠᠮ᠎ᠤᠨ ᠭᠡᠱᠢᠭᠦᠨ ᠨᠢᠭᠡᠪᠦᠷᠢ᠂ ᠬᠡᠪᠯᠡᠯ᠎ᠦᠨ ᠠᠵᠢᠯᠲᠠᠨ ᠨᠢᠭᠡᠪᠦᠷᠢ᠎ᠶᠢᠨ ᠣᠶᠤᠨ᠎ᠢᠶᠠᠨ ᠨᠢᠭᠲᠠᠷᠠᠭᠤᠯᠤᠨ ᠬᠦᠴᠦᠨ᠎ᠢᠶᠡᠨ ᠬᠤᠷᠠᠮᠳᠤᠭᠤᠯᠵᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠬᠦ ᠣᠮᠤᠭ ᠵᠣᠷᠢᠭ᠎ᠢ ᠭᠦᠢᠴᠡᠳ ᠬᠠᠷᠠᠭᠤᠯᠪᠠ᠃

  ᠦᠳᠡ᠎ᠶᠢᠨ ᠡᠮᠦᠨᠡᠬᠢ 11 ᠴᠠᠭ᠎ᠳᠦ᠂ 2020 ~ 2021 ᠣᠨ᠎ᠤ 《ᠬᠣᠶᠠᠷ ᠱᠢᠯᠢᠳᠡᠭ ᠨᠢᠭᠡ ᠬᠣᠱᠢᠭᠤᠴᠢ》᠎ᠶᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠥᠪᠡᠳᠡᠭᠱᠢ ᠶᠡᠬᠡ᠎ᠪᠡᠷ ᠶᠠᠪᠤᠭᠳᠠᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠹᠦ ᠬᠤᠷᠠᠯ᠎ᠢ ᠡᠷᠬᠢᠯᠡᠪᠡ᠃ ᠲᠡᠷᠡ ᠬᠡᠯᠡᠬᠦ᠎ᠳᠦ᠎ᠪᠡᠨ᠂ ᠨᠢᠭᠡ ᠵᠢᠯ᠎ᠦᠨ ᠲᠤᠷᠱᠢ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠱ᠋ᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ᠂ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠱᠢᠯᠠᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠭᠣᠤᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ᠎ᠬᠦ ᠭᠦᠢᠴᠡᠳᠭᠡᠵᠦ᠂ 《ᠳᠥᠷᠪᠡᠨ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠭᠦᠢᠴᠡᠳᠭᠡᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢᠶᠠᠷ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠦᠯᠦᠨ ᠳᠠᠭᠠᠭᠤᠯᠬᠤ ᠴᠢᠳᠠᠪᠤᠷᠢ᠎ᠪᠠᠨ ᠦᠷᠭᠦᠯᠵᠢᠯᠡᠨ ᠳᠡᠭᠡᠭᠱᠢᠯᠡᠭᠦᠯᠬᠦ ᠬᠡᠷᠡᠭᠲᠡᠢ ᠭᠡᠵᠡᠢ᠃ ᠸᠠᠩ ᠹᠦ ᠵᠢᠭᠠᠬᠤ᠎ᠳᠤ᠎ᠪᠠᠨ᠂ ᠥᠩᠭᠡᠷᠡᠭᠰᠡᠨ ᠨᠢᠭᠡ ᠵᠢᠯ᠎ᠳᠦ ᠴᠣᠯᠭᠤᠷᠠᠨ ᠭᠠᠷᠤᠭᠰᠠᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠱᠢᠯᠢᠳᠡᠭ ᠨᠠᠮ᠎ᠤᠨ ᠶᠠᠪᠤᠳᠠᠯ᠎ᠤᠨ ᠠᠵᠢᠯᠯᠠᠭᠴᠢ᠎ᠶᠢ ᠬᠥᠬᠢᠭᠦᠯᠦᠨ ᠰᠠᠢᠱᠢᠶᠠᠵᠤ᠂ ᠵᠢᠱ᠌ᠢᠶᠡᠴᠢ ᠦᠯᠢᠭᠡᠷ ᠬᠡᠪ᠎ᠢ ᠰᠣᠩᠭᠤᠨ ᠬᠥᠮᠦᠵᠢᠭᠦᠯᠬᠦ᠎ᠨᠢ ᠮᠠᠨ᠎ᠤ ᠨᠠᠮ᠎ᠤᠨ ᠭᠡᠷᠡᠯ ᠰᠠᠴᠤᠷᠠᠩᠭᠤᠢ ᠲᠡᠦᠬᠡ᠎ᠶᠢ ᠤᠯᠠᠮ ᠨᠢᠭᠡ ᠠᠯᠬᠤᠮ ᠪᠠᠲᠤ ᠴᠡᠭᠡᠵᠢᠯᠡᠨ᠂ ᠨᠠᠮ᠎ᠤᠨ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠨᠠᠮ᠎ᠤᠨ ᠪᠠᠢᠭᠤᠯᠤᠯᠲᠠ ᠪᠠ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠤᠭᠳᠠᠯ᠎ᠲᠠᠢ ᠪᠠᠢᠳᠠᠭ ᠭᠡᠵᠡᠢ᠃

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠳᠠᠭᠠᠭᠤᠯᠤᠨ ᠲᠠᠩᠭᠠᠷᠢᠭᠯᠠᠵᠤ ᠪᠠᠢᠭ᠎ᠠ᠎ᠨᠢ

  ᠪᠦᠬᠦ ᠲᠠᠯᠠᠪᠠᠢ᠎ᠶᠢᠨ ᠬᠥᠮᠦᠰ ᠲᠥᠪ ᠴᠢᠬᠢᠮᠠᠢ᠎ᠪᠠᠷ ᠪᠣᠰᠤᠨ ᠵᠣᠭᠰᠤᠵᠤ᠂ ᠬᠠᠮᠲᠤ᠎ᠪᠠᠷ ᠤᠯᠤᠰ᠎ᠤᠨ ᠰᠦᠯᠳᠡ ᠳᠠᠭᠤᠤ᠎ᠶᠢ ᠳᠠᠭᠤᠯᠠᠵᠤ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠠᠮ᠎ᠳᠤ ᠣᠷᠤᠬᠤ ᠲᠠᠩᠭᠠᠷᠢᠭ᠎ᠢ ᠳᠠᠭᠠᠭᠤᠯᠤᠨ ᠤᠩᠱᠢᠵᠤ᠂ ᠪᠦᠬᠦ ᠨᠠᠮ᠎ᠤᠨ ᠭᠡᠱᠢᠭᠦᠨ ᠲᠥᠪ ᠴᠢᠩᠭ᠎ᠠ ᠠᠭᠤᠷ ᠠᠮᠢᠰᠭᠤᠯ᠎ᠤᠨ ᠳᠤᠮᠳᠠ ᠨᠠᠮ᠎ᠳᠤ ᠣᠷᠤᠬᠤ ᠲᠠᠩᠭᠠᠷᠢᠭ᠎ᠢ ᠳᠠᠬᠢᠨᠲᠠ ᠤᠩᠱᠢᠭᠰᠠᠨ ᠪᠠᠢᠨ᠎ᠠ᠃

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠹᠦ ᠬᠤᠷᠠᠯ ᠡᠷᠬᠢᠯᠡᠵᠤ ᠪᠠᠢᠭ᠎ᠠ᠎ᠨᠢ

 

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ ᠬᠥᠬᠢᠭᠦᠯᠦᠨ ᠰᠠᠢᠱᠢᠶᠠᠬᠤ ᠲᠣᠭᠲᠠᠭᠠᠯ᠎ᠢ ᠵᠠᠷᠯᠠᠨ ᠤᠩᠱᠢᠵᠤ ᠪᠠᠢᠭ᠎ᠠ᠎ᠨᠢ

 

  ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ ᠬᠥᠬᠢᠭᠦᠯᠦᠨ ᠰᠠᠢᠱᠢᠶᠠᠬᠤ ᠲᠣᠭᠲᠠᠭᠠᠯ᠎ᠢ ᠵᠠᠷᠯᠠᠨ ᠤᠩᠱᠢᠵᠤ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠳᠥᠷᠪᠡᠳᠦᠭᠡᠷ ᠨᠠᠮ᠎ᠤᠨ ᠡᠭᠦᠷ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠭᠤᠷᠪᠠᠳᠤᠭᠠᠷ ᠨᠠᠮ᠎ᠤᠨ ᠡᠭᠦᠷ᠂ ᠥᠪᠦᠷ ᠮᠣᠩᠭᠤᠯ᠎ᠤᠨ ᠱᠢᠨᠬᠤᠸᠠ ᠰᠣᠨᠢᠨ᠎ᠤ ᠦᠢᠯᠡᠰ᠎ᠦᠨ ᠲᠥᠪ᠎ᠦᠨ ᠬᠣᠶᠠᠳᠤᠭᠠᠷ ᠨᠠᠮ᠎ᠤᠨ ᠡᠭᠦᠷ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶᠠᠨ᠎ᠤ ᠨᠠᠮ᠎ᠤᠨ ᠡᠭᠦᠷ ᠭᠡᠬᠦ 4 ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠪᠤᠤ ᠰᠡᠷᠭᠦᠯᠡᠩ ᠵᠡᠷᠭᠡ 20 ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠯᠦᠸᠧ ᠹᠠᠩ ᠯᠢᠨ ᠵᠡᠷᠭᠡ 14 ᠱᠢᠯᠢᠳᠡᠭ ᠨᠠᠮ᠎ᠤᠨ ᠶᠠᠪᠤᠳᠠᠯ᠎ᠤᠨ ᠠᠵᠢᠯᠯᠠᠭᠴᠢ᠎ᠶᠢ ᠬᠥᠬᠢᠭᠦᠯᠦᠨ ᠰᠠᠢᠱᠢᠶᠠᠪᠠ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠨᠪᠠᠶᠠᠷ᠂ ᠳᠡᠳ᠋ ᠶᠡᠷᠦᠩᠬᠡᠢ ᠳᠠᠭᠠᠭᠠᠮᠠᠯ ᠸᠠᠩ ᠱᠢᠶᠣᠣ ᠯᠢᠩ᠂ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠬᠤᠸᠠᠩ ᠲᠤᠤ᠂ ᠶᠡᠷᠦᠩᠬᠡᠢ ᠳᠠᠭᠠᠭᠠᠮᠠᠯ᠎ᠤᠨ ᠲᠤᠰᠠᠯᠠᠭᠴᠢ ᠪᠠᠢ ᠢᠦᠢ ᠹᠧᠩ ᠱᠠᠩᠨᠠᠯ ᠬᠦᠷᠲᠡᠭᠰᠡᠨ ᠵᠣᠬᠢᠶᠠᠨ ᠪᠠᠢᠭᠤᠯᠤᠯᠲᠠ ᠵᠢᠴᠢ ᠬᠤᠪᠢ ᠬᠥᠮᠦᠨ᠎ᠳᠦ ᠱᠠᠩᠨᠠᠯ ᠭᠠᠷᠳᠠᠭᠤᠯᠪᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠪᠦᠬᠦ ᠨᠠᠮ᠎ᠤᠨ ᠭᠡᠱᠢᠭᠦᠨ ᠺᠠᠳ᠋ᠷ ᠡᠨᠡ ᠤᠳᠠᠭᠠᠨ᠎ᠤ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠢᠶᠠᠷ ᠡᠬᠢᠯᠡᠯᠲᠡ ᠪᠣᠯᠭᠠᠵᠤ᠂ ᠪᠣᠳᠠᠲᠤ ᠠᠵᠢᠯ ᠬᠢᠬᠦ ᠠᠵᠢᠯᠯᠠᠭᠴᠢ᠂ ᠬᠦᠴᠢᠷ ᠪᠡᠷᠬᠡᠱᠢᠶᠡᠯ᠎ᠢ ᠢᠯᠠᠨ ᠳᠠᠪᠠᠬᠤ ᠲᠡᠮᠡᠴᠡᠭᠴᠢ ᠪᠣᠯᠬᠤ᠎ᠪᠠᠷ ᠡᠷᠡᠰ ᠱᠢᠭᠤᠷᠬᠠᠢ ᠴᠢᠷᠮᠠᠢᠵᠤ᠂ ᠱᠢᠨ᠎ᠡ ᠠᠶᠠᠨ᠎ᠳᠤ᠎ᠪᠠᠨ ᠲᠡᠮᠡᠴᠡᠯ᠎ᠦᠨ ᠵᠣᠷᠢᠭ ᠰᠠᠨᠠᠭ᠎ᠠ᠎ᠶᠢ ᠲᠠᠢᠯᠪᠤᠷᠢᠯᠠᠵᠤ᠂ ᠱᠢᠨ᠎ᠡ ᠬᠥᠭᠵᠢᠯᠲᠡ᠎ᠶᠢᠨ ᠳᠤᠮᠳᠠ ᠪᠠᠲᠤ ᠴᠢᠩᠭ᠎ᠠ ᠣᠪᠤᠷ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠱᠢᠨ᠎ᠡ ᠪᠠᠢᠳᠠᠯ᠎ᠢ ᠡᠭᠦᠳᠦᠨ ᠨᠡᠭᠡᠭᠡᠬᠦ᠎ᠶᠢᠨ ᠲᠥᠯᠦᠭᠡ ᠴᠤᠴᠠᠯᠲᠠ᠎ᠦᠭᠡᠢ ᠴᠢᠷᠮᠠᠢᠨ ᠲᠡᠮᠡᠴᠡᠨ᠎ᠡ ᠭᠡᠳᠡᠭ᠎ᠲᠦ ᠪᠢᠳᠡ ᠪᠠᠲᠤ ᠢᠲᠡᠭᠡᠯ᠎ᠲᠡᠢ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604