ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠬᠠᠨ ᠶᠦᠨ ᠱᠢᠶᠠᠩ᠎ᠨᠠᠷ ᠠᠱᠢᠳᠠ ᠺᠣᠮᠫᠠᠨᠢ᠎ᠳᠤ ᠬᠦᠷᠴᠦ ᠠᠵᠢᠯ ᠪᠠᠢᠴᠠᠭᠠᠵᠤ ᠵᠢᠯᠤᠭᠤᠳᠤᠯᠭ᠎ᠠ ᠬᠢᠪᠡ
2021.08.25

  2021 ᠣᠨ᠎ᠤ 8᠎ᠳᠤᠭᠠᠷ ᠰᠠᠷ᠎ᠠ᠎ᠶᠢᠨ 13᠎ᠤ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠬᠠᠨ ᠶᠦᠨ ᠱᠢᠶᠠᠩ᠂ ᠬᠡᠪᠯᠡᠭᠦᠯᠬᠦ ᠳᠠᠷᠤᠮᠠᠯᠯᠠᠬᠤ ᠲᠠᠷᠬᠠᠭᠠᠬᠤ ᠭᠠᠵᠠᠷ᠎ᠤᠨ ᠳᠠᠷᠤᠭ᠎ᠠ ᠴᠢ ᠱᠢᠶᠠᠩ ᠶᠠᠩ᠂ ᠥᠪᠦᠷ ᠮᠣᠩᠭᠤᠯ᠎ᠤᠨ ᠱᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠶᠡᠷᠦᠩᠬᠡᠢ ᠳᠠᠭᠠᠭᠠᠮᠠᠯ ᠸᠠᠩ ᠶᠠ ᠳ᠋ᠦᠩ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ ᠸᠠᠩ ᠹᠦ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠰᠣᠶᠤᠯ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠶᠢᠨ ᠳᠡᠳ᠋ ᠬᠣᠷᠢᠶᠠᠨ ᠳᠠᠷᠤᠭ᠎ᠠ ᠢᠪᠡᠭᠡᠯᠳᠦ᠎ᠨᠠᠷ ᠥᠪᠦᠷ ᠮᠣᠩᠭᠤᠯ᠎ᠤᠨ ᠠᠱᠢᠳᠠ ᠰᠤᠷᠭᠠᠨ ᠬᠥᠮᠦᠵᠢᠯ᠎ᠦᠨ ᠬᠡᠪᠯᠡᠯ᠎ᠦᠨ ᠶᠠᠪᠤᠳᠠᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠦ ᠬᠦᠷᠴᠦ ᠠᠵᠢᠯ ᠪᠠᠢᠴᠠᠭᠠᠵᠤ ᠵᠢᠯᠤᠭᠤᠳᠤᠯᠭ᠎ᠠ ᠬᠢᠪᠡ᠃

  ᠠᠱᠢᠳᠠ ᠺᠣᠮᠫᠠᠨᠢ᠎ᠶᠢᠨ ᠨᠠᠮ᠎ᠤᠨ ᠡᠭᠦᠷ᠎ᠦᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠪᠠᠢ ᠢᠦᠢ ᠹᠧᠩ᠂ ᠶᠡᠷᠦᠩᠬᠡᠢ ᠳᠠᠭᠠᠭᠠᠮᠠᠯ ᠵᠣᠷᠢᠭᠲᠤ ᠵᠡᠷᠭᠡ ᠺᠣᠮᠫᠠᠨᠢ᠎ᠶᠢᠨ ᠭᠣᠤᠯ ᠬᠠᠷᠢᠭᠤᠴᠠᠯᠭᠠᠲᠠᠳ ᠬᠠᠮᠲᠦ ᠪᠠᠢᠴᠠᠭᠠᠯᠲᠠ ᠬᠢᠪᠡ᠃ ᠬᠠᠨ ᠶᠦᠨ ᠱᠢᠶᠠᠩ᠎ᠨᠠᠷ ᠲᠣᠭᠤᠷᠢᠨ ᠦᠵᠡᠬᠦ᠎ᠶᠢᠨ ᠳᠠᠭᠠᠤ ᠠᠰᠠᠭᠤᠨ ᠲᠣᠬᠤᠨᠢᠭᠤᠯᠵᠤ᠂ ᠵᠢᠭᠠᠬᠤ ᠮᠠᠲᠧᠷᠢᠶᠠᠯ᠎ᠤᠨ ᠬᠡᠪᠯᠡᠭᠦᠯᠵᠦ ᠪᠠᠢᠭ᠎ᠠ ᠪᠠᠢᠳᠠᠯ᠂ ᠠᠶᠤᠯᠭᠦᠢ ᠦᠢᠯᠡᠳᠪᠦᠷᠢᠯᠡᠯ ᠵᠢᠴᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠨᠠᠷᠢᠨ ᠣᠢᠯᠠᠭᠠᠵᠤ᠂ ᠬᠡᠪᠯᠡᠭᠦᠯᠬᠦ ᠲᠠᠰᠤᠭ᠎ᠤᠨ ᠨᠠᠢ᠍ᠮᠠᠨ ᠥᠩᠭᠡ᠎ᠶᠢᠨ ᠬᠠᠢᠲᠸᠯᠪᠦ᠋ᠷᠡᠭ ᠬᠡᠪᠯᠡᠬᠦ ᠮᠠᠱᠢᠨ ᠪᠠ M600 ᠪᠤᠯᠤᠲᠤ ᠬᠡᠪᠯᠡᠬᠦ ᠮᠠᠱᠢᠨ ᠵᠡᠷᠭᠡ ᠲᠥᠬᠦᠭᠡᠷᠦᠮᠵᠢ᠎ᠶᠢᠨ ᠠᠦ᠋ᠲ᠋ᠣ᠋ ᠬᠢᠨᠠᠬᠤ ᠱᠢᠰᠲᠧᠮ ᠪᠠ ᠬᠡᠪᠯᠡᠬᠦ ᠦᠷ᠎ᠡ ᠪᠦᠲᠦᠮᠵᠢ᠎ᠶᠢ ᠪᠠᠢᠴᠠᠭᠠᠨ ᠦᠵᠡᠪᠡ᠃ ᠳᠠᠷᠠᠭ᠎ᠠ᠎ᠨᠢ ᠨᠣᠮ ᠳᠡᠪᠲᠡᠷ ᠦᠳᠡᠬᠦ ᠲᠠᠰᠤᠭ᠎ᠢ ᠲᠣᠭᠤᠷᠢᠨ ᠦᠵᠡᠵᠦ᠂ ᠮᠠᠷᠲ᠋ᠢᠨᠢ ᠪᠦᠷᠢᠨ ᠠᠦ᠋ᠲ᠋ᠣ᠋ ᠴᠠᠪᠠᠤᠳᠠᠨ ᠦᠳᠡᠬᠦ ᠱᠤᠭᠤᠮ᠂ TSK ᠴᠠᠪᠠᠤᠳᠠᠨ ᠤᠭᠰᠠᠷᠠᠬᠤ ᠱᠤᠭᠤᠮ᠂ JMD ᠴᠠᠪᠠᠤᠳᠠᠨ ᠤᠭᠰᠠᠷᠠᠵᠤ ᠬᠣᠯᠪᠤᠭᠠᠯᠠᠨ ᠬᠥᠳᠡᠯᠭᠡᠬᠦ ᠱᠤᠭᠤᠮ ᠪᠠ ᠮᠠᠷᠲ᠋ᠢᠨᠢ ᠪᠦᠷᠢᠨ ᠠᠦ᠋ᠲ᠋ᠣ᠋ ᠱᠢᠯᠢᠳᠡᠭᠵᠢᠭᠦᠯᠦᠨ ᠤᠭᠰᠠᠷᠠᠵᠤ ᠬᠣᠯᠪᠤᠭᠠᠯᠠᠨ ᠬᠥᠳᠡᠯᠭᠡᠬᠦ ᠱᠤᠭᠤᠮ ᠵᠡᠷᠭᠡ ᠤᠯᠤᠰ᠎ᠤᠨ ᠳᠣᠲᠤᠭᠠᠳᠤ ᠭᠠᠳᠠᠭᠠᠳᠤ᠎ᠶᠢᠨ ᠨᠣᠮ ᠳᠡᠪᠲᠡᠷ ᠦᠳᠡᠬᠦ ᠲᠡᠷᠢᠭᠦᠨ᠎ᠦ 5 ᠵᠤᠷᠪᠤᠰ ᠦᠢᠯᠡᠳᠪᠦᠷᠢᠯᠡᠯ᠎ᠦᠨ ᠱᠤᠭᠤᠮ᠎ᠢ ᠪᠠᠢᠴᠠᠭᠠᠨ ᠦᠵᠡᠪᠠ᠃ ᠡᠳᠡᠭᠡᠷ ᠳᠥᠬᠦᠭᠡᠷᠦᠮᠵᠢ᠎ᠨᠢ ᠵᠢᠭᠠᠬᠤ ᠮᠠᠲᠧᠷᠢᠶᠠᠯ ᠳᠠᠭᠠᠯᠲᠠ ᠪᠣᠯᠪᠠᠰᠤᠷᠠᠯ ᠪᠠ ᠭᠣᠶᠤ ᠬᠠᠪᠢᠰᠤᠲᠤ ᠨᠣᠮ ᠳᠡᠪᠲᠡᠷ᠎ᠢ ᠬᠡᠪᠯᠡᠬᠦ᠎ᠳᠦ ᠠᠮᠤᠷ ᠲᠦᠪᠱᠢᠨ ᠮᠥᠷᠲᠡᠭᠡᠨ ᠥᠨᠳᠦᠷ ᠪᠦᠲᠦᠮᠵᠢᠲᠡᠢ ᠴᠢᠨᠠᠷ ᠰᠠᠢᠲᠠᠢ ᠦᠢᠯᠡᠴᠢᠯᠡᠭᠡ ᠬᠠᠩᠭᠠᠬᠤ ᠪᠣᠯᠤᠨ᠎ᠠ᠃

  ᠠᠱᠢᠳᠠ ᠺᠣᠮᠫᠠᠨᠢ ᠬᠥᠮᠦᠨ᠎ᠢᠶᠡᠷ ᠦᠨᠳᠦᠰᠦ ᠪᠣᠯᠭᠠᠬᠤ᠎ᠶᠢ ᠢᠮᠠᠭᠲᠠ ᠪᠠᠷᠢᠮᠲᠠᠯᠠᠨ᠂ ᠢᠳᠡᠪᠬᠢᠲᠡᠢ᠎ᠪᠡᠷ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠭᠦᠯᠵᠦ᠂ ᠣᠶᠤᠨᠴᠢ ᠬᠡᠪᠯᠡᠬᠦ ᠦᠢᠯᠡᠳᠪᠦᠷᠢ᠎ᠶᠢ ᠪᠠᠢᠭᠤᠯᠵᠤ᠂ ᠮᠡᠳᠡᠭᠡ ᠵᠠᠩᠭᠢ᠎ᠶᠢᠨ ᠲᠣᠭ᠎ᠠ ᠪᠠᠷᠢᠮᠲᠠ᠎ᠪᠠᠷ ᠭᠣᠤᠯ ᠪᠣᠯᠭᠠᠵᠤ᠂ ᠰᠣᠹᠲᠸᠠᠢᠷ᠎ᠤᠨ ᠱᠢᠰᠲᠧᠮ ᠪᠣᠯᠤᠨ ᠠᠦ᠋ᠲ᠋ᠣ᠋ ᠬᠡᠪᠯᠡᠬᠦ ᠪᠡᠯᠡᠳᠬᠡᠮᠵᠢ᠎ᠶᠢᠨ ᠵᠠᠯᠭᠠᠯᠲᠠ᠎ᠶᠢ ᠪᠡᠶᠡᠯᠡᠭᠦᠯᠵᠦ᠂ ᠦᠢᠯᠡᠳᠪᠦᠷᠢᠯᠡᠯ᠎ᠦᠨ ᠪᠦᠬᠦ ᠴᠤᠪᠤᠷᠠᠯ᠂ ᠪᠦᠬᠦ ᠠᠵᠢᠯ ᠲᠥᠷᠦᠯ᠎ᠦᠨ ᠠᠦ᠋ᠲ᠋ᠤᠴᠢᠯᠠᠯᠲᠠ᠂ ᠣᠶᠤᠨᠴᠢᠯᠠᠯᠲᠠ᠎ᠶᠢ ᠪᠡᠶᠡᠯᠡᠭᠦᠯᠪᠡ᠃ ᠬᠠᠨ ᠶᠦᠨ ᠱᠢᠶᠠᠩ ᠳᠡᠳ᠋ ᠬᠡᠯᠲᠡᠰ᠎ᠦᠨ ᠳᠠᠷᠤᠭ᠎ᠠ ᠠᠱᠢᠳᠠ ᠺᠣᠮᠫᠠᠨᠢ᠎ᠶᠢᠨ ᠲᠡᠷᠢᠭᠦᠨ᠎ᠦ ᠦᠢᠯᠡᠳᠪᠦᠷᠢᠯᠡᠯ᠎ᠦᠨ ᠱᠤᠭᠤᠮ ᠪᠠ ᠦᠢᠯᠡᠳᠪᠦᠷᠢᠯᠡᠯ᠎ᠦᠨ ᠪᠦᠯᠬᠦᠮ᠎ᠳᠦ ᠥᠨᠳᠦᠷ ᠦᠨᠡᠯᠡᠯᠲᠡ ᠥᠭᠭᠦᠭᠰᠡᠨ᠎ᠦ ᠬᠠᠮᠲᠤ᠂ ᠠᠱᠢᠳᠠ ᠺᠣᠮᠫᠠᠨᠢ᠎ᠶᠢᠨ ᠬᠥᠭᠵᠢᠯᠲᠡ᠎ᠶᠢᠨ ᠶᠠᠪᠤᠴᠠ᠎ᠳᠤ᠎ᠪᠠᠨ ᠣᠯᠤᠭᠰᠠᠨ ᠠᠮᠵᠢᠯᠲᠠ ᠪᠦᠲᠦᠮᠵᠢ᠎ᠶᠢ ᠭᠦᠢᠴᠡᠳ ᠨᠤᠲᠠᠯᠠᠭᠰᠡᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠴᠠᠢ᠃

  ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠤᠳᠤᠷᠢᠳᠤᠯᠭ᠎ᠠ᠎ᠨᠠᠷ ᠠᠱᠢᠳᠠ ᠺᠣᠮᠫᠠᠨᠢ᠎ᠳᠤ ᠬᠦᠷᠴᠦ ᠠᠵᠢᠯ᠎ᠤᠨ ᠪᠠᠢᠴᠠᠭᠠᠯᠲᠠ ᠬᠢᠵᠤ ᠵᠢᠭᠠᠨ ᠵᠢᠯᠤᠭᠤᠳᠤᠭᠰᠠᠨ᠎ᠨᠢ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠠᠴᠠ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠥᠭᠵᠢᠯᠲᠡ ᠪᠠᠢᠭᠤᠯᠤᠯᠲᠠ᠎ᠳᠤ ᠬᠠᠷᠠᠭᠠᠯᠵᠠᠯ ᠪᠠ ᠳᠡᠮᠵᠢᠯᠭᠡ ᠦᠵᠡᠭᠦᠯᠵᠦ ᠪᠠᠢᠬᠤ᠎ᠶᠢ ᠭᠦᠢᠴᠡᠳ ᠬᠠᠷᠠᠭᠤᠯᠵᠤ᠂ ᠠᠱᠢᠳᠠ ᠺᠣᠮᠫᠠᠨᠢ ᠡᠭᠦᠨ᠎ᠢᠶᠡᠷ ᠠᠵᠠ ᠲᠣᠬᠢᠶᠠᠯ ᠪᠣᠯᠭᠠᠨ᠂ ᠱᠢᠯᠢᠳᠡᠭ᠎ᠢ ᠬᠦᠭᠡᠭᠡᠴᠡᠯᠳᠤᠨ ᠱᠢᠨ᠎ᠡ᠎ᠶᠢ ᠡᠭᠦᠳᠴᠦ᠂ ᠤᠷᠠᠨ ᠳᠠᠷᠬᠠᠨ᠎ᠤ ᠵᠣᠷᠢᠭ ᠰᠠᠨᠠᠭ᠎ᠠ᠎ᠪᠠᠷ ᠣᠷᠭᠢᠯ᠎ᠳᠤ ᠭᠠᠷᠬᠤ᠎ᠪᠠᠷ ᠡᠭᠦᠷᠢᠳᠡ ᠴᠢᠷᠮᠠᠢᠵᠤ᠂ ᠡᠯ᠎ᠡ ᠱᠠᠲᠤᠨ᠎ᠤ ᠤᠳᠤᠷᠢᠳᠤᠯᠭ᠎ᠠ᠎ᠶᠢᠨ ᠬᠦᠰᠡᠯ ᠨᠠᠢᠳᠠᠯᠭ᠎ᠠ᠎ᠶᠢ ᠬᠥᠰᠡᠷᠳᠡᠭᠦᠯᠬᠦ᠎ᠦᠭᠡᠢ᠂ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ》᠂ ᠥᠪᠡᠷᠲᠡᠭᠡᠨ ᠵᠠᠰᠠᠬᠤ ᠣᠷᠤᠨ᠎ᠤ ᠰᠣᠶᠤᠯ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠎ᠪᠡᠷ ᠪᠣᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604